ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠴᠢᠩ ᠹᠦ᠋ ᠪᠠᠯᠭᠠᠰᠤ ︽ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ | ᠪᠦᠲᠦᠴᠡ ᠶᠢ ᠰᠢᠯᠢᠳᠡᠭᠵᠢᠭᠦᠯᠦᠨ᠂ ᠣᠷᠣᠯᠭ᠎ᠠ ᠶᠢ ᠨᠡᠮᠡᠭᠳᠡᠭᠦᠯᠬᠦ︾ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠡᠷᠲᠡ | ᠲᠣᠬᠢᠷᠠᠭᠤᠯᠤᠨ᠂ ᠡᠷᠲᠡ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠴᠠᠭ ᠬᠤᠭᠤᠴᠠᠭ᠎ᠠ ᠶᠢ | ᠠᠮᠵᠢᠨ ᠠᠳᠬᠤᠵᠤ᠂ ᠲᠠᠷᠢᠶᠠᠨ ᠭᠠᠵᠠᠷ ᠤᠨ ᠲᠠᠷᠢᠮᠠᠯ ᠤᠨ ᠬᠠᠪᠤᠷ ᠤᠨ ᠬᠠᠮᠢᠶᠠᠷᠤᠯᠲᠠ ᠪᠠ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ | ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠴᠢᠩ ᠹᠦ᠋ ᠪᠠᠯᠭᠠᠰᠤ ᠤᠯᠠᠨ ᠲᠦᠮᠡᠨ ᠢ | ᠰᠤᠷᠪᠤᠯᠵᠢᠯᠠᠬᠤ᠂ ᠲᠠᠷᠢᠶᠠᠨ ᠭᠠᠵᠠᠷ ᠲᠤ ᠭᠦᠨᠵᠡᠭᠡᠶᠢᠷᠡᠬᠦ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ | ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠷ᠎ᠡ᠂ ᠲᠠᠷᠢᠶᠠᠴᠢᠨ | ᠪᠤᠷᠳᠤᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠶᠢ ᠴᠢᠩᠭᠠᠳᠬᠠᠵᠤ᠂ ᠲᠠᠷᠢᠮᠠᠯ ᠤᠨ | ᠪᠦᠲᠦᠴᠡ ᠶᠢ ᠰᠢᠯᠢᠳᠡᠭᠵᠢᠭᠦᠯᠵᠦ᠂ ᠴᠠᠭ ᠲᠤᠨᠢ ᠲᠤᠬᠢᠷᠠᠭᠤᠯᠤᠨ ᠲᠠᠷᠢᠶᠠᠨ ᠭᠠᠵᠠᠷ ᠢ ᠤᠷᠪᠠᠭᠤᠯᠬᠤ᠂ ᠴᠢᠬᠢ | ᠪᠤᠶᠢᠵᠢᠭᠤᠯᠵᠤ ᠦᠷ᠎ᠡ ᠪᠤᠶᠢᠵᠢᠭᠤᠯᠬᠤ ᠶᠢ ᠬᠢᠵᠦ᠂ ᠡᠯ᠎ᠡ ᠲᠣᠰᠬᠤᠨ ᠢ ᠱᠠᠯᠠᠪᠳᠠᠭᠤᠯᠤᠨ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠ ᠬᠠᠮᠠᠭᠠᠯᠠᠬᠤ ᠶᠢ ᠴᠢᠩᠭᠠᠳᠬᠠᠵᠤ᠂ ᠭᠠᠷᠴᠤ ᠮᠡᠳᠡᠬᠦ | ᠭᠠᠩ ᠬᠠᠭᠰᠠᠷᠠᠭᠠᠨ ᠪᠣᠯᠤᠨ ᠦᠶᠡᠷ ᠤᠰᠤᠲᠤᠯ ᠵᠡᠷᠭᠡ ᠭᠠᠮᠰᠢᠭ ᠢ ᠰᠡᠷᠭᠡᠶᠢᠯᠡᠵᠦ᠂ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠲᠠᠷᠢᠶᠠᠨ ᠭᠠᠵᠠᠷ ᠤᠨ ᠤᠰᠤᠯᠠᠯᠲᠠ ᠪᠣᠯᠤᠨ ᠤᠰᠤ ᠵᠠᠯᠠᠬᠤ ᠰᠠᠭᠠᠳ ᠦᠭᠡᠢ ᠨᠡᠪᠲᠡᠷᠡᠬᠦ ᠶᠢ | ᠪᠠᠲᠤᠯᠠᠨ᠎ᠠ᠃ | ᠡᠭᠦᠨ ᠤ ᠬᠠᠮᠲᠤ᠂ ᠬᠥᠷᠥᠰᠥ ᠰᠢᠷᠣᠶ ᠶᠢᠨ ᠤᠰᠤ ᠬᠠᠮᠠᠭᠠᠯᠠᠬᠤ ᠪᠣᠷᠲᠣᠭᠤᠷ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠲᠠᠷᠢᠮᠠᠯ ᠤᠨ ᠥᠰᠥᠯᠲᠡ ᠪᠠ ᠪᠤᠶᠢᠵᠢᠯᠲᠠ ᠶᠢ ᠠᠬᠢᠭᠤᠯᠵᠤ᠂ ᠲᠠᠷᠢᠮᠠᠯ ᠤᠨ ᠤᠨᠠᠯᠲᠠ ᠪᠠ ᠶᠠᠰᠤ | ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ ᠲᠠᠷᠢᠶᠠᠨ ᠭᠠᠵᠠᠷ ᠲᠤ ᠤᠬᠠᠭᠤᠯᠤᠨ ᠵᠢᠯᠣᠭᠤᠳᠴᠤ᠂ | ᠲᠣᠰᠬᠤᠨ ᠤ ᠠᠷᠠᠳ ᠢ ᠰᠢᠮᠳᠠᠭᠤᠯᠵᠤ ᠪᠠᠶᠢᠭᠠᠳ ᠲᠠᠷᠢᠶᠠᠴᠢᠨ ᠠᠶᠢᠯ ᠤᠨ ᠪᠣᠷᠲᠣᠭᠤᠷ ᠢ ᠢᠳᠡᠪᠬᠢᠲᠡᠶ ᠰᠠᠶᠢᠲᠤᠷ | ᠪᠡᠯᠡᠳᠬᠡᠵᠦ᠂ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠡᠷᠡᠭᠴᠡᠭᠡ ᠶᠢ ᠬᠠᠩᠭᠠᠪᠠ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠠᠴᠠ | ᠴᠢᠬᠤᠯᠠ ᠵᠦᠢᠯ ᠮᠥᠨ᠃ ᠴᠢᠩ ᠹᠦ᠋ ᠪᠠᠯᠭᠠᠰᠤ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ | ᠰᠠᠭᠤᠷᠢᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠴᠠᠭ ᠲᠣᠬᠢᠶᠠᠯ ᠢ ᠠᠮᠵᠢᠨ ᠠᠳᠬᠤᠵᠤ᠂ | ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ | | | | | | | | |