ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠤ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2025/4/21
      ᠠᠷᠠᠳ ᠣᠯᠠᠨ ᠤ ᠠᠩᠬᠠᠷᠴᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠰᠦᠯᠵᠢᠶᠡᠨ ᠤ ᠢᠳᠡᠭᠡᠨ ᠤᠮᠳᠠᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃      ᠮᠠᠨ ᠤ ᠲᠤᠭᠤᠷᠢᠭ ᠲᠤ ᠣᠲᠣ ᠭᠤᠷᠪᠠᠳᠠᠬᠢ ᠲᠠᠯ᠎ᠠ ᠶᠢᠨ ᠰᠦᠯᠵᠢᠶᠡᠨ ᠤ ᠲᠠᠪᠴᠠᠩ 1 ︵ᠮᠧᠢ ᠲᠤᠸᠠᠨ︶᠂ ᠰᠦᠯᠵᠢᠶᠡᠨ ᠳᠤ ᠣᠷᠣᠭᠰᠠᠨ ᠢᠳᠡᠭᠡᠨ ᠤᠮᠳᠠᠭᠠᠨ ᠤ ᠨᠢᠭᠡᠴᠢ 1216᠂ ᠬᠠᠷᠢᠶ᠎ᠠ ᠣᠷᠣᠨ ᠳᠤ ᠳᠣᠭᠢᠷᠠᠭᠤᠯᠤᠨ ᠬᠦᠷᠭᠡᠬᠦ ᠥᠷᠲᠡᠭᠡ ᠴᠡᠭ ᠨᠡᠶᠢᠲᠡ 6 ᠪᠣᠶ᠂ ᠡᠭᠦᠨ ᠳᠤ ᠮᠧᠢ ᠲᠤᠸᠠᠨ 5᠂ ᠧ ᠯᠧ ᠮᠧ 1 ᠪᠣᠶ᠃       ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠨᠢ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡ ᠬᠢᠵᠦ ᠪᠠᠶᠢᠭ᠎ᠠ ᠲᠥᠪᠯᠡᠷᠡᠭᠰᠡᠨ ᠣᠷᠣᠨ ᠪᠦᠰᠡ ᠪᠠ ᠲᠥᠪᠯᠡᠷᠡᠭᠰᠡᠨ ᠲᠠᠯᠠᠪᠤᠷ ᠭᠠᠵᠠᠷ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠪᠠ ᠭᠤᠷᠪᠠᠳᠠᠬᠢ ᠲᠠᠯ᠎ᠠ ᠶᠢᠨ ᠲᠠᠪᠴᠠᠩ ᠵᠢᠴᠢ ᠳᠣᠭᠢᠷᠠᠭᠤᠯᠤᠨ ᠬᠦᠷᠭᠡᠬᠦ ᠨᠢᠭᠡᠴᠢ ᠪᠠᠷ ᠭᠤᠤᠯᠳᠠᠯᠭ᠎ᠠ ᠲᠠᠢ ᠡᠲᠡᠭᠡᠳ᠂ ᠢᠳᠡᠭᠡᠨ ᠤᠮᠳᠠᠭᠠᠨ ᠤ ᠨᠢᠭᠡᠴᠢ ᠶᠢᠨ ᠢᠳᠡᠭᠡᠨ ᠡᠵᠡᠩᠨᠡᠬᠦ ᠵᠥᠪᠰᠢᠶᠡᠷᠡᠯ᠂ ᠭᠤᠷᠪᠠᠳᠤᠭᠠᠷ ᠲᠠᠯ᠎ᠠ ᠶᠢᠨ ᠲᠠᠪᠴᠠᠩ ᠵᠢᠴᠢ ᠳᠣᠭᠢᠷᠠᠭᠤᠯᠤᠨ ᠬᠦᠷᠭᠡᠬᠦ ᠨᠢᠭᠡᠴᠢ ᠶᠢᠨ ᠬᠠᠮᠢᠶᠠᠷᠤᠯᠲᠠ ᠵᠢᠴᠢ ᠡᠳ᠋ᠰᠢᠭᠦᠯᠬᠦ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠬᠠᠳᠠᠭᠠᠯᠠᠬᠤ᠂ ᠠᠵᠢᠯᠯᠠᠵᠤ ᠪᠠᠶᠢᠭ᠎ᠠ ᠬᠥᠮᠦᠰ᠂ ᠳᠣᠭᠢᠷᠠᠭᠤᠯᠤᠨ ᠬᠦᠷᠭᠡᠬᠦ ᠶᠠᠪᠤᠴᠠ ᠵᠡᠷᠭᠡ 5 ᠵᠠᠩᠭᠢᠯᠠᠭ᠎ᠠ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠷᠪᠠᠳᠠᠬᠢ ᠡᠲᠡᠭᠡᠳ ᠤᠨ ᠲᠠᠪᠴᠠᠩ ᠤᠨ ᠬᠠᠩᠭᠠᠭᠴᠢ ᠪᠠ ᠰᠦᠯᠵᠢᠶᠡᠨ ᠳᠤ ᠣᠷᠣᠭᠤᠯᠤᠭᠰᠠᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃      ᠰᠦᠯᠵᠢᠶᠡᠨ ᠤ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ︽ᠲᠣᠬᠢᠶᠠᠯᠳᠤᠯ ᠢᠶᠠᠷ ᠪᠠᠶᠢᠴᠠᠭᠠᠬᠤ︾᠎ ᠶᠢ ᠥᠷᠨᠢᠭᠦᠯᠵᠦ᠂ ᠢᠳᠡᠭᠡᠨ ᠤᠮᠳᠠᠭᠠᠨ ᠤ ᠳᠡᠯᠭᠡᠭᠦᠷ ᠤᠨ ᠲᠣᠭᠤᠭᠠᠨ ᠬᠡᠷ ᠤᠨ ᠣᠷᠴᠢᠨ ᠲᠣᠭᠤᠷᠢᠨ᠂ ᠡᠳ᠋ᠰᠢᠭᠦᠯᠬᠦ ᠶᠠᠪᠤᠴᠠ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠵᠡᠷᠭᠡ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠴᠠᠭ ᠲᠤᠬᠠᠶ ᠳᠤᠨᠢ ᠣᠯᠠᠨ ᠨᠡᠶᠢᠲᠡ ᠳᠤ ᠨᠡᠶᠢᠲᠡᠯᠡᠵᠦ᠂ ᠠᠰᠠᠭᠤᠳᠠᠯ ᠢ ᠢᠯᠡᠷᠡᠭᠦᠯᠦᠭᠰᠡᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠳᠤ ︽ᠡᠷᠭᠢᠵᠦ ᠦᠵᠡᠬᠦ︾ ᠠᠵᠢᠯ ᠬᠢᠵᠦ᠂ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃      ᠣᠳᠣᠬᠠᠨ ᠳᠤ ᠰᠦᠯᠵᠢᠶᠡᠨ ᠤ ᠢᠳᠡᠭᠡᠨ ᠤᠮᠳᠠᠭᠠᠨ ᠤ ᠨᠢᠭᠡᠴᠢ ᠶᠢᠨ ᠲᠣᠬᠢᠶᠠᠯᠳᠤᠯ ᠢᠶᠠᠷ ᠪᠠᠶᠢᠴᠠᠭᠠᠬᠤ ᠠᠵᠢᠯᠯᠠᠭ᠎ᠠ ᠶᠢ ᠨᠡᠶᠢᠲᠡ 3 ᠤᠳᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ 8 ᠨᠢᠭᠡᠴᠢ ᠶᠢ ᠰᠤᠭᠤᠴᠢᠨ ᠪᠠᠶᠢᠴᠠᠭᠠᠵᠤ᠂ ᠣᠯᠵᠤ ᠮᠡᠳᠡᠭᠰᠡᠨ ᠢᠳᠡᠭᠡᠨ ᠪᠣᠯᠪᠠᠰᠤᠷᠠᠭᠤᠯᠬᠤ ᠠᠵᠢᠯᠯᠠᠭ᠎ᠠ ᠨᠢ ᠵᠢᠷᠤᠮᠵᠢᠯ ᠥᠬᠡᠶ᠂ ᠢᠳᠡᠭᠡᠨ ᠤ ᠬᠠᠳᠠᠭᠠᠯᠠᠯᠲᠠ ᠨᠢ ᠵᠦᠶ ᠵᠣᠬᠢᠰ ᠥᠬᠡᠶ ᠵᠡᠷᠭᠡ ᠠᠰᠠᠭᠤᠳᠠᠯ ᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠭᠠᠳᠠᠭᠰᠢ ᠬᠤᠳᠠᠯᠳᠤᠵᠤ ᠬᠦᠷᠭᠡᠬᠦ ᠠᠵᠢᠯ ᠲᠥᠷᠥᠯ ᠤᠨ ︽ᠠᠮᠤᠷ ᠲᠦᠪᠰᠢᠨ ᠤ ᠨᠡᠭᠡᠯᠡᠬᠡᠶ︾᠎ ᠶᠢ ᠰᠠᠶᠢᠲᠤᠷ ᠰᠠᠬᠢᠵᠤ᠂ ᠰᠦᠯᠵᠢᠶ᠎ᠡ ᠪᠠᠷ ᠬᠤᠭᠤᠯᠠ ᠵᠠᠬᠢᠶᠠᠯᠠᠬᠤ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号