ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠵᠦ᠂ ᠣᠷᠣᠨ ᠠᠯᠤᠰᠯᠠᠨ ᠦᠢᠯᠡᠴᠢᠯᠡᠵᠦ ᠠᠷᠠᠳ ᠤᠨ ᠵᠣᠪᠠᠨᠢᠯ ᠢ ᠠᠷᠢᠯᠭᠠᠨ᠎ᠠ
ᠨᠡᠶᠢᠲᠡᠯᠡᠭᠰᠡᠨ ᠴᠠᠭ᠄
2025/4/21
      ︽ᠠᠯᠪᠠᠨ ᠭᠡᠷᠡᠴᠢᠯᠡᠭᠡ ᠶᠢᠨ ᠵᠢᠷᠤᠮᠵᠢᠯ ᠲᠠᠢ ᠴᠢᠨᠠᠷ ᠰᠠᠶᠢᠲᠠᠶ︾ ᠠᠵᠢᠯᠯᠠᠭ᠎ᠠ ᠥᠷᠨᠢᠭᠦᠯᠬᠦ ᠲᠤᠬᠠᠢ ᠬᠠᠤᠯᠢ ᠴᠠᠭᠠᠵᠠ ᠶᠢᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠭᠤᠣᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠵᠤ᠂ ︽ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢ ᠠᠯᠪᠠᠨ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠪᠡ᠃      ᠤᠶᠢᠷ᠎ᠠ ᠶᠢᠨ ᠬᠤᠭᠤᠴᠠᠭᠠᠨ ᠳᠤ᠂ ᠬᠤᠩ ᠵᠢᠶᠠᠨ ᠠᠯᠪᠠᠨ ᠭᠡᠷᠡᠴᠢᠯᠡᠭᠡᠨ ᠤ ᠭᠠᠵᠠᠷ ᠬᠤᠲᠠ ᠶᠢᠨ ᠠᠷᠠᠳ ᠸᠠᠩ ᠠᠪᠤᠭᠠᠢ ᠶᠢᠨ ᠲᠤᠰᠠᠯᠠᠮᠵᠢ ᠭᠤᠶᠤᠴᠢᠯᠠᠯ ᠢ ᠣᠯᠵᠤ᠂ ᠲᠡᠭᠦᠨ ᠤ ᠠᠪᠤ ᠨᠢ ᠨᠠᠰᠤ ᠪᠠᠷᠠᠭᠰᠠᠨ ᠤ ᠳᠠᠷᠠᠭ᠎ᠠ ᠭᠡᠷ ᠬᠥᠷᠥᠩᠭᠡ ᠪᠠᠨ ᠵᠠᠯᠭᠠᠮᠵᠢᠯᠠᠬᠤ ᠭᠠᠷ ᠭᠦᠢᠴᠡᠳᠭᠡᠯ ᠬᠢᠬᠦ ᠴᠢᠬᠤᠯᠠᠲᠠᠢ᠂ ᠭᠡᠪᠡᠴᠦ ᠲᠦᠮᠡᠳ ᠪᠠᠷᠠᠭᠤᠨ ᠬᠤᠰᠢᠭᠤᠨ ᠳᠤ ᠰᠠᠭᠤᠵᠤ ᠪᠠᠢᠭ᠎ᠠ ᠥᠨᠳᠥᠷ ᠨᠠᠰᠤᠲᠠᠢ ᠡᠮᠡᠭᠡᠨ ᠤ ᠪᠡᠶ᠎ᠡ ᠶᠢᠨ ᠰᠢᠯᠲᠠᠭᠠᠨ ᠠᠴᠠ ᠪᠣᠯᠵᠤ ᠠᠯᠪᠠᠨ ᠭᠡᠷᠡᠴᠢᠯᠡᠭᠡᠨ ᠤ ᠭᠠᠵᠠᠷ ᠣᠴᠢᠵᠤ ᠳᠡᠶᠢᠯᠬᠦ ᠦᠭᠡᠢ ᠪᠠᠶᠢᠨ᠎ᠠ᠃ ᠡᠶᠢᠮᠦᠷᠬᠦᠤ ᠠᠯᠪᠠᠨ ᠭᠡᠷᠡᠴᠢᠯᠡᠭᠡ ᠶᠢ ᠵᠠᠯᠭᠠᠮᠵᠢᠯᠠᠬᠤ ᠳᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ ᠪᠠᠰᠠ ᠲᠤᠬᠠᠶ ᠶᠢᠨ ᠬᠥᠮᠦᠨ ᠤ ᠪᠣᠳᠠᠲᠠᠶ ᠬᠦᠴᠢᠷᠳᠡᠯ ᠢ ᠬᠠᠮᠲᠤ ᠳᠤᠨᠢ ᠬᠠᠷᠠᠭᠠᠯᠵᠠᠬᠤ ᠴᠢᠬᠤᠯᠠᠲᠠᠶ ᠪᠠᠶᠢᠬᠤ ᠶᠢ ᠦᠨᠳᠦᠰᠦᠯᠡᠨ᠂ ᠠᠯᠪᠠᠨ ᠭᠡᠷᠡᠴᠢᠯᠡᠭᠡ ᠶᠢᠨ ᠭᠠᠵᠠᠷ ︽ᠰᠠᠭᠠᠳ ᠥᠬᠡᠶ ᠦᠢᠯᠡᠴᠢᠯᠡᠭᠡᠨ ᠤ ᠵᠠᠮ︾᠎ ᠢ ᠦᠳᠲᠡᠷ ᠲᠦᠷᠭᠡᠨ ᠡᠬᠢᠯᠡᠭᠦᠯᠵᠦ᠂ ᠬᠤᠶᠠᠷ ᠠᠯᠪᠠᠨ ᠭᠡᠷᠡᠴᠢᠯᠡᠭᠴᠢ ᠶᠢ ᠰᠣᠩᠭᠤᠨ ᠲᠣᠮᠢᠯᠠᠵᠤ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ ᠠᠪᠴᠦ᠂ ᠲᠤᠰᠬᠠᠶᠢᠯᠠᠨ ᠲᠦᠮᠡᠳ ᠪᠠᠷᠠᠭᠤᠨ ᠬᠤᠰᠢᠭᠤᠨ ᠳᠤ ᠬᠦᠷᠴᠦ ᠬᠡᠷ ᠲᠤᠨᠢ ᠬᠦᠷᠴᠦ ᠦᠢᠯᠡᠴᠢᠯᠡᠪᠡ᠃      ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠲᠥᠯᠥᠭᠡ᠂ ᠠᠯᠪᠠᠨ ᠭᠡᠷᠡᠴᠢᠯᠡᠭᠴᠢ ᠥᠷᠯᠥᠭᠡ ᠡᠷᠲᠡ ᠴᠢᠩᠱᠠᠨ ᠲᠣᠭᠤᠷᠢᠭ ᠠᠴᠠ ᠮᠣᠷᠳᠠᠵᠤ᠂ ᠵᠠᠭᠤ ᠭᠠᠷᠤᠢ ᠺᠢᠯᠤᠮᠧᠲᠷ ᠮᠠᠰᠢᠨ ᠲᠡᠷᠭᠡ ᠵᠢᠯᠤᠭᠤᠳᠤᠵᠦ ᠲᠦᠮᠡᠳ ᠪᠠᠷᠠᠭᠤᠨ ᠬᠤᠰᠢᠭᠤᠨ ᠤ ᠲᠤᠬᠠᠢ ᠶᠢᠨ ᠬᠥᠮᠦᠨ ᠤ ᠣᠷᠣᠨ ᠰᠠᠭᠤᠴᠠ ᠳᠤ ᠬᠦᠷᠪᠡ᠃ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠠᠯᠪᠠᠨ ᠭᠡᠷᠡᠴᠢᠯᠡᠭᠴᠢ ᠡᠩ ᠲᠡᠷᠢᠭᠦᠨ ᠳᠤ ᠨᠠᠰᠤᠲᠠᠶᠢᠴᠤᠳ ᠤᠨ ᠰᠡᠳᠬᠢᠬᠦᠶ ᠶᠢᠨ ᠦᠵᠡᠯ ᠤᠬᠠᠮᠰᠠᠷ ᠵᠢᠴᠢ ᠢᠷᠭᠡᠨ ᠤ ᠦᠢᠯᠡ ᠠᠵᠢᠯᠯᠠᠭ᠎ᠠ ᠶᠢᠨ ᠴᠢᠳᠠᠪᠤᠷᠢ ᠳᠤ ᠲᠤᠰᠬᠠᠶ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠪᠡ᠃ ᠥᠨᠳᠥᠷ ᠨᠠᠰᠤᠲᠠᠶ ᠬᠠᠮᠲᠤᠯᠢᠭ ᠤᠨ ᠬᠦᠯᠢᠶᠡᠨ ᠠᠪᠬᠤ ᠴᠢᠳᠠᠪᠤᠷᠢ ᠶᠢᠨ ᠣᠨᠴᠠᠯᠢᠭ ᠢ ᠪᠣᠳᠣᠯᠬᠢᠯᠠᠵᠤ᠂ ᠠᠯᠪᠠᠨ ᠭᠡᠷᠡᠴᠢᠯᠡᠭᠡ ᠲᠠᠢ ᠬᠥᠮᠦᠰ ᠨᠤᠲᠤᠭ ᠤᠨ ᠠᠶᠠᠯᠭᠤ ᠪᠠᠷ ᠨᠡᠪᠲᠡᠷᠡᠯᠴᠡᠵᠦ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠠᠯᠪᠠᠨ ᠭᠡᠷᠡᠴᠢᠯᠡᠭᠡ ᠶᠢᠨ ᠵᠦᠢᠯᠡᠰ ᠤᠨ ᠠᠭᠤᠯᠭ᠎ᠠ᠂ ᠬᠠᠤᠯᠢ ᠴᠠᠭᠠᠵᠠ ᠶᠢᠨ ᠦᠷ᠎ᠡ ᠳ᠋ᠦᠩ ᠵᠢᠴᠢ ᠲᠤᠬᠠᠶ ᠶᠢᠨ ᠬᠥᠮᠦᠨ ᠤ ᠡᠷᠬᠡ ᠡᠭᠦᠷᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠨᠠᠰᠤᠲᠠᠶᠢᠴᠤᠳ ᠤᠨ ᠦᠨᠡᠨ ᠪᠣᠳᠠᠲᠠᠶ ᠬᠦᠰᠡᠯ ᠡᠷᠡᠮᠡᠯᠵᠡᠯ ᠢ ᠭᠦᠢᠴᠡᠳ ᠨᠤᠲᠠᠯᠠᠭᠰᠠᠨ ᠤ ᠳᠠᠷᠠᠭ᠎ᠠ᠂ ᠠᠯᠪᠠᠨ ᠭᠡᠷᠡᠴᠢᠯᠡᠭᠡ ᠶᠢᠨ ᠪᠢᠴᠢᠭ ᠬᠠᠷ᠎ᠠ ᠵᠣᠬᠢᠶᠠᠬᠤ᠂ ᠪᠡᠶ᠎ᠡ ᠬᠡᠮ ᠤᠨ ᠮᠡᠳᠡᠭᠡ ᠵᠠᠩᠭᠢ ᠶᠢ ᠬᠠᠷᠭᠤᠭᠤᠯᠤᠨ ᠰᠢᠯᠭᠠᠬᠤ ᠵᠢᠴᠢ ᠬᠤᠷᠤᠭᠤᠨ ᠣᠷᠣᠮ ᠢ ᠴᠤᠭᠯᠠᠭᠤᠯᠬᠤ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠵᠢᠷᠤᠮᠵᠢᠭᠤᠯᠤᠨ ᠪᠡᠶᠡᠯᠡᠭᠦᠯᠪᠡ᠃ ᠲᠤᠬᠠᠶ ᠶᠢᠨ ᠲᠠᠯᠠᠪᠤᠷ ᠤᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠠᠯᠪᠠᠨ ᠭᠡᠷᠡᠴᠢᠯᠡᠭᠴᠢ ᠳᠠᠷᠦ᠋ᠢᠬᠠᠨ  ᠨᠢᠭᠡᠴᠢ ᠳᠡᠭᠡᠨ ᠪᠤᠴᠠᠵᠤ᠂ ᠠᠯᠪᠠᠨ ᠭᠡᠷᠡᠴᠢᠯᠡᠭᠡ ᠶᠢ ᠵᠠᠯᠭᠠᠮᠵᠢᠯᠠᠬᠤ ᠦᠯᠡᠳᠡᠪᠦᠷᠢ ᠭᠠᠷ ᠭᠦᠢᠴᠡᠳᠬᠡᠯ ᠢ ᠲᠦᠷᠭᠡᠨ ᠪᠡᠶᠡᠯᠡᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠸᠠᠩ ᠠᠪᠤᠭᠠᠢ ᠳᠤ ᠭᠡᠷ ᠬᠥᠷᠥᠩᠭᠡ ᠶᠢᠨ ᠡᠷᠦᠬᠡ ᠰᠢᠯᠵᠢᠭᠦᠯᠬᠦ ᠶᠠᠪᠤᠴᠠ ᠶᠢᠨ ᠵᠢᠯᠣᠭᠤᠳᠤᠯᠭ᠎ᠠ ᠬᠠᠩᠭᠠᠵᠤ᠂ ᠲᠡᠭᠦᠨ ᠢ ᠬᠠᠪᠰᠤᠷᠤᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠬᠤ ᠲᠥᠪ ᠲᠤ ᠤᠷᠢᠳᠴᠢᠯᠠᠨ ᠪᠣᠯᠵᠣᠵᠤ ᠳᠠᠩᠰᠠᠯᠠᠬᠤ ᠶᠢ ᠪᠡᠶᠡᠯᠡᠭᠦᠯᠦᠨ᠎ᠡ᠃ ︽ᠠᠰᠠᠭᠤᠨ ᠯᠠᠪᠯᠠᠬᠤ ᠠᠴᠠ ᠰᠢᠢᠳᠪᠦᠷᠢᠯᠡᠵᠦ ᠳᠠᠭᠤᠰᠬᠠᠬᠤ ᠬᠦᠷᠲᠡᠯ᠎ᠡ᠂ ᠪᠥᠬᠦ ᠶᠠᠪᠤᠴᠠ ᠳᠤ ᠴᠥᠮ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠲᠠᠢ᠂ ᠲᠠᠷᠠᠭᠠᠴᠢ ᠶᠢᠨ ᠭᠠᠷ ᠭᠦᠢᠴᠡᠳᠬᠡᠯ ᠳᠤ ᠴᠥᠮ ᠬᠠᠪᠰᠦᠷᠦᠮᠵᠢ ᠬᠠᠩᠭᠠᠪᠠ︾ ᠭᠡᠵᠦ ᠸᠠᠩ ᠠᠪᠤᠭᠠᠢ ᠠᠯᠪᠠᠨ ᠭᠡᠷᠡᠴᠢᠯᠡᠭᠡᠨ ᠤ ᠦᠢᠯᠡᠴᠢᠯᠡᠭᠡ ᠶᠢᠨ ᠲᠤᠰᠬᠠᠢ ᠮᠡᠷᠭᠡᠵᠢᠯ ᠤᠨ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠳᠡᠭᠡᠳᠦ ᠬᠡᠮᠵᠢᠶ᠎ᠡ ᠪᠠᠷ ᠦᠨᠡᠯᠡᠪᠡ᠃      ᠲᠣᠰ ᠤᠳᠠᠭ᠎ᠠ ᠣᠷᠣᠨ ᠪᠦᠰᠡ ᠠᠯᠤᠰᠯᠠᠨ ᠭᠡᠷ ᠲᠤᠨᠢ ᠬᠦᠷᠴᠦ ᠦᠢᠯᠡᠴᠢᠯᠡᠬᠦ ᠪᠣᠯ ᠬᠢᠨᠠᠨ ᠭᠡᠷᠡᠴᠢᠯᠡᠭᠦ ᠭᠠᠵᠠᠷ ᠤᠨ ︽ᠠᠯᠪᠠᠨ ᠭᠡᠷᠡᠴᠢᠯᠡᠭᠡ ᠶᠢᠨ ᠵᠢᠷᠤᠮᠵᠢᠯ ᠲᠠᠢ ᠴᠢᠨᠠᠷ ᠰᠠᠶᠢᠲᠠᠶ︾ ᠠᠵᠢᠯᠯᠠᠭ᠎ᠠ ᠶᠢ ᠦᠢᠯᠡᠳᠦᠯᠭᠡᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠮᠥᠨ᠂ ᠨᠠᠩ ᠴᠤ ᠲᠡᠳᠡᠨᠤᠰ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠦᠭᠰᠡᠨ ᠬᠤᠷᠢᠶᠠᠩᠭᠤᠶ ᠳᠦᠷᠰᠦ ᠮᠥᠨ᠃ ᠢᠷᠡᠭᠡᠳᠦᠶ ᠳᠤ᠂ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ︽ᠠᠯᠪᠠᠨ ᠭᠡᠷᠡᠴᠢᠯᠡᠭᠡ ᠪᠠᠷ ᠠᠷᠠᠳ ᠤᠨ ᠲᠥᠯᠥᠭᠡ ᠦᠢᠯᠡᠴᠢᠯᠡᠬᠦ︾ ᠦᠢᠯᠡᠴᠢᠯᠡᠭᠡᠨ ᠤ ᠵᠣᠷᠢᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠥᠨᠳᠥᠷ ᠪᠠᠷᠢᠮᠵᠢᠶ᠎ᠠ ᠪᠠᠷ ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠨᠢ ᠬᠠᠤᠯᠢ ᠴᠠᠭᠠᠵᠠ ᠶᠢᠨ ᠬᠠᠲᠠᠭᠤ ᠪᠠᠷᠢᠮᠵᠢᠶ᠎ᠠ ᠲᠠᠢ ᠪᠥᠭᠡᠳ ᠪᠠᠰᠠ ᠠᠷᠠᠳ ᠤᠨ ᠲᠥᠯᠥᠭᠡ ᠬᠠᠤᠯᠢ ᠪᠠᠷᠢᠬᠤ ᠠᠷᠠᠳ ᠤᠨ ᠠᠮᠢᠳᠤᠷᠠᠯ ᠤᠨ ᠬᠠᠶᠢᠷ᠎ᠠ ᠰᠡᠳᠬᠢᠯᠭᠡ ᠶᠢ ᠢᠯᠡᠷᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠠᠯᠪᠠᠨ ᠭᠡᠷᠡᠴᠢᠯᠡᠭᠡ ᠶᠢᠨ ᠬᠦᠴᠦᠨ ᠴᠢᠳᠠᠯ ᠢᠶᠠᠨ ᠦᠨᠡᠨ ᠬᠦ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号