ᠣᠶᠢᠷ᠎ᠠ ᠶᠢᠨ ᠬᠤᠭᠤᠴᠠᠭᠠᠨ ᠤ ᠲᠦᠢᠯ ᠤᠨ ᠴᠠᠭ ᠠᠭᠤᠷ ᠤᠨ ᠨᠥᠯᠥᠭᠡ ᠠᠴᠠ ᠪᠣᠯᠵᠣ᠂ ᠲᠣᠭᠤᠷᠢᠭ ᠲᠤ | ᠰᠠᠭᠤᠭ᠎ᠠ ᠴᠡᠷᠢᠭ ᠠᠩᠭᠢ ᠶᠢᠨ ᠬᠤᠸᠠᠷᠠᠨ ᠤ ᠳᠣᠲᠣᠷᠠᠬᠢ ᠬᠡᠰᠡᠭ ᠮᠣᠳᠣᠨ ᠤ ᠰᠠᠯᠠᠭ᠎ᠠ ᠨᠢ ᠬᠡᠲᠦ ᠥᠨᠳᠥᠷ ᠪᠣᠯᠵᠣ᠂ | ᠰᠠᠯᠠᠭ᠎ᠠ ᠨᠠᠮᠠᠭ᠎ᠠ ᠨᠢ ᠨᠢᠭᠲᠠ᠂ ᠨᠤᠷᠠᠵᠤ ᠤᠨᠠᠬᠤ᠂ ᠰᠠᠯᠠᠭ᠎ᠠ ᠨᠠᠮᠠᠭ᠎ᠠ ᠨᠢ ᠲᠠᠰᠤᠷᠠᠬᠤ ᠵᠡᠷᠭᠡ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠬᠤ ᠪᠥᠭᠡᠳ ᠪᠠᠰᠠ ᠴᠡᠷᠢᠭ ᠤᠨ ᠬᠤᠸᠠᠷᠠᠨ ᠤ ᠬᠢᠨᠠᠨ ᠡᠵᠡᠮᠳᠡᠬᠦ ᠲᠥᠬᠦᠭᠡᠷᠦᠮᠵᠢ ᠶᠢ | ᠬᠠᠯᠬᠠᠯᠠᠵᠤ᠂ ᠬᠡᠪ ᠤᠨ ᠪᠣᠯᠪᠠᠰᠤᠷᠠᠯ ᠠᠮᠢᠳᠤᠷᠠᠯ ᠢ ᠨᠥᠯᠥᠭᠡᠯᠡᠪᠡ᠃ ᠪᠠᠶᠢᠳᠠᠯ ᠢ ᠮᠡᠳᠡᠭᠰᠡᠨ ᠤ ᠳᠠᠷᠠᠭ᠎ᠠ᠂ ᠴᠢᠩᠱᠠᠨ | ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠳᠲᠡᠷ | ᠲᠦᠷᠭᠡᠨ ᠬᠥᠳᠡᠯᠦᠯᠴᠡᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ | ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠶ ᠮᠡᠷᠭᠡᠵᠢᠯ ᠤᠨ | ᠠᠵᠢᠯᠲᠠᠨ ᠢ ᠰᠢᠯᠵᠢᠭᠦᠯᠦᠨ ᠲᠣᠮᠢᠯᠠᠵᠤ ᠮᠡᠷᠭᠡᠵᠢᠯ ᠤᠨ ᠪᠦᠯᠬᠦᠮ ᠪᠠᠶᠢᠭᠤᠯᠵᠤ᠂ ᠥᠨᠳᠥᠷ ᠣᠭᠲᠠᠷᠭᠤᠶ ᠳᠤ ᠠᠵᠢᠯᠯᠠᠬᠤ | ᠲᠡᠷᠭᠡ᠂ ᠲᠣᠰᠣᠨ ᠬᠢᠷᠥᠭᠡ᠂ ᠥᠨᠳᠥᠷ ᠰᠠᠯᠠᠭ᠎ᠠ ᠲᠠᠢ ᠬᠠᠶᠢᠴᠢᠯᠠᠬᠤ ᠵᠡᠷᠭᠡ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ | ᠠᠪᠴᠤ᠂ ᠬᠤᠸᠠᠷᠠᠨ ᠤ ᠲᠣᠭᠤᠷᠢᠭ ᠤᠨ ᠮᠣᠳᠣ ᠶᠢ ᠰᠢᠨᠵᠢᠯᠡᠬᠦ ᠤᠬᠠᠭᠠᠨᠴᠢ ᠪᠠᠷ ᠬᠠᠶᠢᠴᠢᠯᠠᠨ ᠵᠠᠰᠠᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠬᠤᠪᠠᠭ᠋ᠠᠢ ᠰᠠᠯᠠᠭ᠎ᠠ᠂ ᠡᠪᠡᠳᠴᠢᠨ | ᠬᠤᠷᠣᠬᠠᠢ ᠶᠢᠨ ᠰᠠᠯᠠᠭ᠎ᠠ᠂ ᠨᠢᠭᠲᠠ ᠰᠠᠯᠠᠭ᠎ᠠ ᠶᠢ ᠤᠨᠢᠨ ᠳᠡᠭᠡᠷ᠎ᠡ ᠨᠢ ᠬᠠᠶᠢᠴᠢᠯᠠᠵᠤ᠂ ᠴᠡᠷᠢᠭ ᠤᠨ ᠬᠤᠸᠠᠷᠠᠨ ᠤ ᠠᠮᠤᠷ | ᠲᠦᠪᠰᠢᠨ ᠢ ᠪᠠᠲᠤᠯᠠᠭᠰᠠᠨ ᠮᠥᠷᠲᠡᠭᠡᠨ ᠪᠠᠰᠠ ᠮᠣᠳᠣᠨ ᠤ ᠭᠤᠶᠤ ᠰᠠᠶᠢᠬᠠᠨ ᠬᠡᠮᠵᠢᠶ᠎ᠡ ᠶᠢ ᠳᠡᠭᠡᠭᠰᠢᠯᠡᠭᠦᠯᠦᠭᠰᠡᠨ | ᠪᠠᠶᠢᠨ᠎ᠠ᠃ ᠦᠷᠭᠦᠯᠵᠢᠯᠡᠨ ᠠᠵᠢᠯᠯᠠᠬᠤ ᠪᠠᠷ ᠳᠠᠮᠵᠢᠭᠠᠳ᠂ ᠨᠡᠶᠢᠲᠡ 50 ᠭᠠᠷᠤᠶ ᠰᠠᠭᠤᠷᠢ ᠮᠣᠳᠣ ᠶᠢ ᠬᠠᠶᠢᠴᠢᠯᠠᠨ | ᠵᠠᠰᠠᠵᠤ᠂ 10 ᠭᠠᠷᠤᠶ ᠨᠠᠮᠠᠭ᠎ᠠ ᠶᠢ ᠴᠡᠪᠡᠷᠯᠡᠵᠦ᠂ ᠴᠡᠷᠢᠭ ᠤᠨ ᠬᠤᠸᠠᠷᠠᠨ ᠤ ᠣᠷᠴᠢᠨ ᠲᠣᠭᠤᠷᠢᠨ ᠴᠣ ᠰᠢᠨ᠎ᠡ | ᠪᠠᠶᠢᠳᠠᠯ ᠲᠠᠢ ᠪᠣᠯᠪᠠ᠃ | ᠲᠣᠰ ᠤᠳᠠᠭᠠᠨ ᠤ ᠠᠵᠢᠯᠯᠠᠭ᠎ᠠ ᠨᠢ ᠣᠷᠣᠨ ᠨᠤᠲᠤᠭ ᠤᠨ ᠰᠠᠯᠠᠭ᠎ᠠ ᠮᠥᠴᠢᠷ ᠤᠨ ︽ᠴᠡᠷᠢᠭ ᠠᠩᠭᠢ | ᠬᠡᠷᠡᠭᠴᠡᠭᠡ ᠲᠠᠢ᠂ ᠣᠷᠣᠨ ᠨᠤᠲᠤᠭ ᠬᠠᠷᠢᠭᠤ ᠲᠤᠰᠬᠠᠯ ᠲᠠᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ | ᠢᠷᠡᠭᠡᠳᠦᠶ ᠳᠤ ᠴᠢᠩᠱᠠᠨ ᠲᠣᠭᠤᠷᠢᠭ ᠤᠨ ᠬᠤᠶᠠᠷ ᠢ ᠬᠦᠷᠢᠶᠡᠯᠡᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ | ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠡᠷᠢᠭ | ᠠᠷᠠᠳ ᠤᠨ ᠪᠦᠯᠬᠦᠮᠳᠡᠯ᠂ ᠠᠭᠤᠰᠤᠯᠴᠠᠨ ᠬᠥᠭᠵᠢᠬᠦ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠵᠢᠷᠤᠭᠯᠠᠬᠤ | ᠪᠣᠯᠤᠨ᠎ᠠ᠃ | | | | |