︽ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠢᠨᠵᠧᠨᠧᠷᠢᠩ︾ ᠢ ᠪᠥᠬᠦ ᠲᠠᠯ᠎ᠠ ᠪᠠᠷ ᠠᠬᠢᠭᠤᠯᠵᠤ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/4/22
      ᠭᠠᠯ ᠤᠨᠲᠠᠷᠠᠭᠠᠬᠤ ᠠᠮᠤᠷ ᠲᠦᠪᠰᠢᠨ ᠪᠣᠯ ᠮᠠᠨ ᠤ ᠠᠮᠢᠳᠤᠷᠠᠯ ᠤᠨ ᠥᠨᠴᠥᠭ ᠪᠤᠯᠤᠩ ᠪᠣᠯᠭᠠᠨ ᠳᠤ ᠬᠤᠯᠪᠣᠭᠳᠠᠵᠤ᠂ ᠨᠡᠶᠢᠭᠡᠮ ᠲᠣᠭᠤᠷᠢᠭ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠰᠠᠭᠤᠷᠢ ᠪᠣᠯᠤᠨ᠎ᠠ᠃ ᠣᠶᠢᠷ᠎ᠠ ᠳᠤ᠂ ᠶᠢᠨ ᠬᠠᠶ ᠨᠡᠶᠢᠭᠡᠮ ᠲᠣᠭᠤᠷᠢᠭ ᠭᠠᠯ ᠰᠡᠷᠭᠡᠶᠢᠯᠡᠬᠦ ᠠᠮᠤᠷ ᠲᠦᠪᠰᠢᠨ ᠤ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ︽ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠢᠨᠵᠧᠨᠧᠷᠢᠩ︾ ᠢ ᠪᠥᠬᠦ ᠲᠠᠯ᠎ᠠ ᠪᠠᠷ ᠪᠣᠶ ᠪᠣᠯᠭᠠᠵᠤ᠂ ︽ᠬᠥᠮᠦᠨ ᠪᠦᠬᠦᠨ ᠭᠠᠯ ᠰᠡᠷᠭᠡᠶᠢᠯᠡᠬᠦ ᠶᠢ ᠣᠶᠢᠯᠠᠭᠠᠬᠤ᠂ ᠡᠷᠦᠬᠡ ᠪᠣᠯᠭᠠᠨ ᠪᠠᠴᠢᠮ ᠪᠠᠶᠢᠳᠠᠯ ᠢ ᠠᠷᠭᠠᠴᠠᠬᠤ︾ ᠪᠠᠷ ᠬᠠᠷᠠᠯᠲᠠ ᠪᠣᠯᠭᠠᠵᠤ᠂ ᠤᠬᠠᠭᠤᠯᠬᠤ ᠪᠠ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠮᠤᠷ ᠲᠦᠪᠰᠢᠨ ᠨᠠᠶᠢᠳᠠᠪᠤᠷᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃      ᠲᠣᠰ ᠤᠳᠠᠭᠠᠨ ᠤ ︽ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠢᠨᠵᠧᠨᠧᠷᠢᠩ︾ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ ᠰᠢᠲᠠᠮᠠᠬᠠᠶ ᠬᠡᠶ ᠶᠢᠨ ᠠᠮᠤᠷ ᠲᠦᠪᠰᠢᠨ ᠵᠡᠷᠭᠡ ᠬᠤᠶᠠᠷ ᠶᠡᠭᠡ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠰᠠᠭᠤᠭᠠᠯᠢ ᠠᠷᠠᠳ ᠤᠨ ᠳᠡᠷᠭᠡᠳᠡ ᠬᠦᠷᠭᠡᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠵᠡᠭᠡᠯᠢ ᠳᠠᠭᠠᠤ ᠳᠡᠯᠭᠡᠭᠦᠷ ᠫᠦᠰᠡ ᠳᠤ ᠭᠦᠨᠵᠡᠭᠡᠶᠢᠷᠡᠵᠦ᠂ ᠣᠶᠢᠷ᠎ᠠ ᠶᠢᠨ ᠵᠢᠯ ᠳᠤ ᠡᠭᠦᠰᠦᠭᠰᠡᠨ ᠦᠨᠡᠨ ᠪᠣᠳᠠᠲᠠᠶ ᠭᠠᠯ ᠤᠨ ᠭᠠᠮᠰᠢᠭ ᠤᠨ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠳᠠᠯᠳᠤᠭᠠᠴᠢᠳ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠠᠮᠢᠳᠤᠯᠢᠭ ᠢᠶᠠᠷ ᠴᠢᠬᠤᠯᠠᠴᠢᠯᠠᠭᠰᠠᠨ ᠪᠠᠶᠢᠨ᠎ᠠ᠃ ᠬᠡᠷᠡᠭ ᠤᠨ ᠵᠢᠱᠢᠶ᠎ᠡ ᠨᠢᠭᠡᠪᠦᠷᠢ ᠴᠥᠮ ᠰᠡᠷᠡᠮᠵᠢ ᠶᠢᠨ ᠳᠣᠬᠢᠶ᠎ᠠ ᠰᠢᠭ᠋ ᠰᠡᠷᠡᠮᠵᠢ ᠲᠠᠢ ᠪᠠᠶᠢᠵᠤ᠂ ᠲᠡᠳᠡᠨᠤᠰ ᠲᠤ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠂ ᠶᠠᠭᠠᠬᠢᠭᠰᠠᠨ ᠴᠤ ᠠᠵᠠ ᠵᠠᠪᠰᠢᠶᠠᠨ ᠢᠶᠠᠷ ᠬᠠᠨᠳᠤᠵᠤ᠂ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ ᠭᠡᠵᠦ ᠰᠠᠨᠠᠭᠤᠯᠪᠠ᠃ ᠡᠭᠦᠨ ᠤ ᠬᠠᠮᠲᠤ᠂ ᠠᠵᠢᠯᠲᠠᠳ ᠳᠡᠯᠭᠡᠭᠦᠷ ᠤᠨ ᠳᠣᠲᠣᠷᠠᠬᠢ ᠭᠠᠯ ᠰᠡᠷᠭᠡᠶᠢᠯᠡᠬᠦ ᠲᠥᠬᠦᠭᠡᠷᠦᠮᠵᠢ ᠶᠢ ᠨᠠᠷᠢᠨ ᠨᠢᠮᠪᠠᠶ ᠪᠠᠶᠢᠴᠠᠭᠠᠵᠤ᠂ ᠭᠠᠯ ᠤᠨᠲᠠᠷᠠᠭᠠᠭᠤᠷ ᠤᠨ ᠬᠦᠴᠦᠨ ᠲᠠᠢ ᠬᠤᠭᠤᠴᠠᠭ᠎ᠠ ᠠᠴᠠ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠡᠰᠡᠬᠦ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ︽ᠵᠠᠩᠭᠢᠯᠠᠭ᠎ᠠ ᠶᠢᠨ ᠦᠶ᠎ᠡ ᠳᠤ ᠬᠡᠯᠬᠢᠶ᠎ᠡ ᠪᠠᠨ ᠠᠯᠳᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠶᠢᠨ ᠬᠠᠶ ᠨᠡᠶᠢᠭᠡᠮ ᠲᠣᠭᠤᠷᠢᠭ ᠦᠷᠭᠦᠯᠵᠢᠯᠡᠨ ᠬᠦᠴᠦᠯᠡᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠬᠠᠭᠤᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠭᠠᠯ ᠰᠡᠷᠭᠡᠶᠢᠯᠡᠬᠦ ᠰᠣᠷᠢᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠪᠠᠷ ᠲᠥᠯᠥᠪᠯᠡᠵᠦ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠤᠬᠠᠮᠰᠠᠷ ᠢ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠵᠤ᠂ ᠣᠯᠠᠨ ᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠯᠭᠠᠵᠤ᠂ ᠬᠡᠷ ᠲᠡᠭᠡᠨ ᠰᠠᠭᠤᠵᠤ ᠭᠠᠯ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠬᠡᠷ ᠪᠦᠯᠢ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号