ᠬᠥᠮᠦᠨ ᠠᠮᠠ ᠳᠤ ᠠᠩᠬᠠᠷᠤᠯ ᠢᠶᠠᠨ ᠲᠥᠪᠯᠡᠷᠡᠭᠦᠯᠦᠨ ᠪᠣᠯᠪᠠᠰᠤᠷᠠᠯ ᠬᠢᠵᠦ    ᠦᠨᠳᠦᠰᠦᠨ ᠱᠠᠲᠤᠨ ᠤ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2025/4/23
      ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠬᠡᠷᠡᠭᠴᠡᠭᠡ ᠳᠤ ᠵᠣᠬᠢᠴᠠᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠳᠡᠭᠡᠳᠦ ᠰᠤᠷᠭᠠᠭᠤᠯᠢ ᠶᠢᠨ ᠴᠢᠩ ᠹᠦ᠋ ᠪᠠᠯᠭᠠᠰᠤᠨ ᠤ ᠬᠤᠪᠢᠶᠠᠷᠢ ᠬᠦᠷᠢᠶᠡᠯᠡᠩ ᠪᠦᠦ ᠯᠢ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠵᠤ ︽ᠪᠥᠬᠦ ᠬᠥᠮᠦᠨ ᠠᠮᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ︾᠎ ᠪᠠᠷ ᠭᠤᠤᠯ ᠰᠡᠳᠦᠪ ᠪᠣᠯᠭᠠᠭᠰᠠᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠰᠢᠰᠲ᠋ᠧᠮᠵᠢᠭᠦᠯᠦᠨ ᠰᠤᠷᠤᠯᠴᠠᠬᠤ ᠪᠠ ᠦᠢᠯᠡᠳᠦᠯᠭᠡ ᠬᠢᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠡᠵᠡᠮᠰᠢᠬᠦ ᠴᠢᠳᠠᠪᠤᠷᠢ ᠶᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠣᠨᠣᠪᠴᠢᠯᠠᠭᠰᠠᠨ ᠦᠢᠯᠡᠴᠢᠯᠡᠭᠡ ᠳᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠶᠤᠮ᠃      ᠬᠤᠪᠢᠳᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠡᠳᠦᠷ ᠲᠤᠲᠤᠮ ᠤᠨ ᠠᠵᠢᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠥᠬᠦ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠣᠷᠣᠭᠤᠯᠬᠤ᠂ ᠮᠡᠳᠡᠭᠡ ᠵᠠᠩᠭᠢ ᠶᠢ ᠬᠠᠮᠢᠶᠠᠷᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠢᠯᠠᠩᠭᠤᠶ᠎ᠠ ᠰᠠᠶ᠋ᠢ ᠲᠥᠷᠥᠭᠰᠡᠨ ᠬᠡᠦᠬᠡᠳ ᠢ ᠣᠷᠣᠭᠤᠯᠬᠤ ᠪᠠ ᠠᠮᠢᠳᠤᠷᠠᠯ ᠢ ᠬᠤᠯᠪᠣᠭᠳᠠᠭᠤᠯᠬᠤ ᠵᠡᠷᠭᠡ ᠠᠮᠠᠷᠬᠠᠨ ᠪᠤᠷᠤᠭᠤ ᠭᠠᠷᠬᠤ ᠴᠡᠭ ᠤᠨ ᠲᠣᠭᠤᠷᠢᠨ ᠳᠤ ᠭᠤᠤᠯᠳᠠᠯᠭ᠎ᠠ ᠲᠠᠢ ᠨᠠᠷᠢᠨ ᠲᠠᠶᠢᠯᠪᠦᠷᠢᠯᠠᠪᠠ᠃ ᠰᠢᠰᠲ᠋ᠧᠮ ᠲᠠᠢ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠪᠥᠬᠦ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠣᠳᠠᠲᠠᠶ ᠠᠵᠢᠯᠯᠠᠭᠠᠨ ᠤ ᠳᠤᠮᠳᠠ ᠲᠤᠯᠭᠠᠷᠠᠭᠰᠠᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠶᠢᠨ ᠲᠤᠬᠠᠶ ᠨᠡᠪᠲᠡᠷᠡᠯᠴᠡᠨ ᠰᠣᠯᠢᠯᠴᠠᠵᠤ᠂ ᠠᠵᠢᠯᠯᠠᠭᠠᠨ ᠤ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠷᠰᠢᠯᠭ᠎ᠠ ᠣᠯᠤᠯᠲᠠ ᠪᠠᠨ ᠬᠤᠪᠢᠶᠠᠯᠴᠠᠪᠠ᠃       ᠪᠥᠬᠦ ᠬᠥᠮᠦᠨ ᠠᠮᠠ ᠶᠢᠨ ᠰᠢᠰᠲ᠋ᠧᠮ ᠪᠣᠯ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠴᠢᠬᠤᠯᠠ ᠪᠠᠭᠠᠵᠢ ᠮᠥᠨ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠴᠠᠭ ᠲᠤᠬᠠᠶᠢᠲᠤ ᠴᠢᠨᠠᠷ ᠨᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠰᠤ ᠴᠢᠨᠠᠷ ᠲᠠᠢ ᠬᠤᠯᠪᠣᠭᠳᠠᠵᠤ ᠪᠠᠶᠢᠳᠠᠭ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠨᠡᠶᠢᠭᠡᠮ ᠲᠣᠭᠤᠷᠢᠭ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠥᠮᠦᠨ ᠠᠮᠠ ᠳᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠥᠨᠳᠥᠷ ᠪᠦᠲᠦᠮᠵᠢᠲᠡᠶ ᠥᠷᠨᠢᠭᠦᠯᠬᠦ ᠳᠤ ᠪᠠᠲᠤ ᠰᠠᠭᠤᠷᠢ ᠲᠠᠯᠪᠢᠪᠠ᠃ ᠢᠷᠡᠭᠡᠳᠦᠢ ᠳᠤ᠂ ᠨᠡᠶᠢᠭᠡᠮ ᠲᠣᠭᠤᠷᠢᠭ ᠤᠨ ᠬᠢᠨ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠭᠦᠯᠵᠢᠯᠡᠨ ᠵᠣᠬᠢᠶᠠᠨ ᠪᠠᠶᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠠᠵᠢᠯᠳᠠᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号