ᠤᠯᠤᠰ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠤᠬᠠᠶ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠢᠳᠡᠪᠬᠢᠲᠡᠶ ᠬᠠᠷᠢᠭᠤᠯᠲᠠ ᠥᠭᠬᠦ ᠶᠢᠨ ᠲᠥᠯᠥᠭᠡ᠂ ᠴᠢᠩᠱᠠᠨ ᠲᠣᠭᠤᠷᠢᠭ 2025 ᠣᠨ ᠤ ᠲᠦᠭᠡᠮᠡᠯ ᠬᠠᠷᠠᠭᠠᠯᠵᠠᠯ | ᠦᠵᠡᠭᠦᠯᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠰᠤᠷᠤᠭᠴᠢ ᠨᠢᠭᠡᠪᠦᠷᠢ ᠳᠤ | ᠳᠤᠮᠳᠠᠴᠢ ᠪᠠᠷ ᠨᠣᠷᠮ᠎ᠠ ᠲᠣᠭᠲᠠᠭᠠᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠦᠭᠡᠮᠡᠯ ᠬᠠᠷᠠᠭᠠᠯᠵᠠᠯ ᠦᠵᠡᠭᠦᠯᠬᠦ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ | ᠭᠡᠷ ᠪᠦᠯᠢ ᠶᠢᠨ ᠬᠡᠤᠬᠡᠳ ᠪᠤᠶᠢᠵᠢᠭᠤᠯᠬᠤ ᠳᠠᠷᠤᠭᠠᠰᠤ ᠶᠢ ᠬᠥᠩᠭᠡᠷᠡᠭᠦᠯᠪᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠦᠭᠡᠮᠡᠯ ᠬᠠᠷᠠᠭᠠᠯᠵᠠᠯᠲᠤ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠰᠣᠷᠣᠭᠴᠢ ᠳᠤᠮᠳᠠᠴᠢ ᠪᠠᠷ ᠨᠣᠷᠮ᠎ᠠ ᠲᠣᠭᠲᠠᠭᠠᠨ | ᠨᠥᠬᠦᠪᠥᠷᠢ ᠥᠭᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠡᠨᠡ ᠵᠢᠯ ᠳᠡᠭᠡᠳᠦ ᠱᠠᠲᠤᠨ ᠤ | ᠰᠣᠷᠣᠭᠴᠢ ᠳᠤᠮᠳᠠᠴᠢ ᠲᠣᠭᠲᠠᠭᠰᠠᠨ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 51.56 ᠲᠦᠮᠡᠨ ᠲᠥᠭᠦᠷᠢᠭ | ᠭᠥᠯᠢᠶᠡᠨ ᠠᠪᠴᠤ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠬᠥᠭᠵᠢᠯᠲᠡ ᠶᠢ ᠳᠡᠮᠵᠢᠬᠦ ᠳᠤ ᠲᠤᠰᠬᠠᠶ ᠬᠡᠷᠡᠭᠯᠡᠵᠦ᠂ ᠨᠥᠬᠦᠪᠥᠷᠢ ᠥᠭᠬᠦ ᠡᠲᠡᠭᠡᠳ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠦᠵᠡᠭᠦᠯᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠶᠢ ᠮᠠᠭᠠᠳᠯᠠᠨ ᠲᠣᠭᠲᠠᠭᠠᠬᠤ ᠵᠢᠴᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ | ᠲᠣᠭᠲᠠᠭᠠᠭᠰᠠᠨ ᠲᠦᠭᠡᠮᠡᠯ ᠬᠠᠷᠠᠭᠠᠯᠵᠠᠯ ᠦᠵᠡᠭᠦᠯᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ | ᠪᠣᠯᠤᠨ᠎ᠠ᠂ ᠬᠡᠤᠬᠡᠳ ᠤᠨ ᠴᠡᠴᠡᠷᠯᠢᠭ ᠲᠤ ᠲᠤᠰᠬᠠᠶᠢᠯᠠᠨ 2 — 3 ᠨᠠᠰᠤᠨ ᠤ ᠬᠡᠤᠬᠡᠳ ᠰᠠᠭᠠᠲᠠᠭᠤᠯᠬᠤ ᠠᠩᠭᠢ ᠶᠢ | ᠪᠠᠶᠢᠭᠤᠯᠤᠭᠰᠠᠨ ᠴᠤ ᠲᠠᠰ ᠳᠠᠷᠠᠭᠠᠯᠠᠯ ᠶᠣᠰᠣᠭᠠᠷ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠵᠤ ᠪᠣᠯᠤᠨ᠎ᠠ᠃ | ᠲᠤᠰᠠᠯᠠᠮᠵᠢ ᠶᠢᠨ ᠪᠠᠷᠢᠮᠵᠢᠶ᠎ᠠ ᠶᠢ ᠪᠣᠳᠠᠲᠠᠶ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠲᠤᠭ᠎ᠠ ᠶᠣᠰᠣᠭᠠᠷ | ᠬᠥᠮᠦᠨ ᠪᠦᠷᠢ ᠳᠤ ᠰᠠᠷ᠎ᠠ ᠪᠦᠷᠢ 75 ᠲᠥᠭᠦᠷᠢᠭ ᠤᠨ ᠲᠤᠰᠠᠯᠠᠮᠵᠢ ᠣᠯᠭᠤᠨ᠎ᠠ᠃ ᠮᠡᠳᠡᠭᠦᠯᠬᠦ ᠠᠯᠬᠤᠮ | ᠳᠠᠷᠠᠭᠠᠯᠠᠯ ᠤᠨ ᠲᠠᠯ᠎ᠠ ᠪᠠᠷ᠂ ᠨᠥᠬᠦᠴᠡᠯ ᠪᠦᠷᠢᠯᠳᠦᠭᠦᠯᠦᠭᠰᠡᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠵᠢᠴᠢ ᠬᠡᠤᠬᠡᠳ ᠰᠠᠭᠠᠲᠠᠭᠤᠯᠬᠤ ᠠᠩᠭᠢ ᠪᠠᠶᠢᠭᠤᠯᠤᠭᠰᠠᠨ ᠬᠡᠤᠬᠡᠳ ᠤᠨ ᠴᠡᠴᠡᠷᠯᠢᠭ ᠨᠢ ︽ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠠᠷᠴᠢᠮ ᠢ ᠵᠢᠷᠤᠮᠯᠠᠨ᠂ | ᠪᠠᠶᠢᠭ᠎ᠠ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠪᠢᠴᠢᠭ ᠢᠶᠠᠷ ᠭᠤᠶᠤᠴᠢᠯᠠᠯ ᠭᠠᠷᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠢᠶᠠᠷ ᠳᠠᠩᠰᠠᠯᠠᠭᠤᠯᠬᠤ ᠪᠣᠯ ᠨᠥᠬᠦᠪᠥᠷᠢ ᠠᠪᠬᠤ ᠪᠠᠷ ᠭᠤᠶᠤᠴᠢᠯᠠᠬᠤ ᠶᠢᠨ ᠴᠢᠬᠤᠯᠠ ᠤᠷᠢᠲᠠᠯ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠷᠡᠭᠦᠯ | ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠦᠭᠡᠮᠡᠯ ᠬᠠᠷᠠᠭᠠᠯᠵᠠᠯ ᠤᠨ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠰᠤᠷᠤᠭᠴᠢ ᠨᠢᠭᠡᠪᠦᠷᠢ ᠳᠤ ᠳᠤᠮᠳᠠᠴᠢ ᠨᠥᠬᠦᠪᠥᠷᠢ | ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠥᠷᠭᠡᠨ ᠣᠯᠠᠨ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠠ ᠨᠢᠯᠬ᠎ᠠ ᠬᠡᠤᠬᠡᠳ ᠤᠨ ᠭᠡᠷ ᠪᠦᠯᠢ ᠳᠤ ᠦᠨᠡᠨ ᠬᠦ | ᠬᠦᠷᠲᠡᠭᠡᠬᠦ ᠶᠢ ᠪᠠᠲᠤᠯᠠᠵᠤ᠂ ᠮᠠᠨ ᠤ ᠲᠤᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠪᠣᠯᠤᠨ᠎ᠠ᠃ | | | | | | | | |