4 ᠰᠠᠷ᠎ᠠ ᠶᠢᠨ 22 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠪᠠᠷᠠᠭᠤᠨ | ᠬᠡᠰᠡᠭ ᠤᠨ ᠭᠦᠸᠧ ᠰᠢᠤᠸᠠᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠣᠶᠤᠨᠴᠢ ᠦᠢᠯᠡᠳᠬᠦ ᠰᠠᠭᠤᠷᠢᠨ ᠭᠠᠵᠠᠷ᠂ | ᠥᠪᠥᠷ ᠮᠣᠩᠭᠤᠯ ᠤᠨ ᠰᠢᠤᠢ ᠴᠧᠨ ᠨᠡᠷᠡᠨ ᠡᠨᠧᠷᠭᠢ ᠶᠢᠨ ᠬᠡᠷᠡᠯ ᠤᠨ ᠢᠯᠴᠢ ᠶᠢᠨ ᠰᠢᠰᠲ᠋ᠧᠮ ᠤᠨ ᠤᠶᠤᠨᠴᠢᠯᠠᠭᠰᠠᠨ | ᠲᠣᠨᠤᠭ ᠲᠥᠬᠦᠭᠡᠷᠦᠮᠵᠢ ᠶᠢ ᠨᠢᠭᠡᠳᠬᠡᠨ ᠦᠢᠯᠡᠳᠬᠦ᠂ ᠱᠧᠨ ᠨᠧᠩ ᠪᠤᠭᠤᠲᠤ ᠬᠤᠲᠠ ᠶᠢᠨ ᠤᠰᠤᠲᠥ᠋ᠷᠥᠭᠴᠢ | ᠡᠨᠧᠷᠭᠢ ᠶᠢᠨ ᠠᠵᠤ ᠦᠢᠯᠡᠰ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠨᠢᠭᠡ ᠴᠤᠭᠴᠠᠵᠢᠭᠤᠯᠬᠤ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠲᠥᠷᠥᠯ | ᠵᠦᠢᠯ ᠤᠨ ᠠᠬᠢᠴᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ ᠲᠤᠬᠠᠶ ᠶᠢᠨ ᠲᠠᠯᠠᠪᠠᠶ ᠳᠤ ᠠᠵᠢᠯᠯᠠᠵᠤ᠂ ᠰᠢᠢᠳᠪᠦᠷᠢᠯᠡᠬᠦ ᠶᠢ ᠠᠬᠢᠭᠤᠯᠪᠠ᠃ ᠳ᠋ᠢᠩ ᠺᠠᠶ᠂ ᠲᠥᠷᠥᠯ | ᠵᠦᠢᠯ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ | ᠰᠢᠢᠳᠪᠦᠷᠢᠯᠡᠨ᠂ ᠴᠢᠨᠠᠷ ᠰᠠᠶᠢᠲᠠᠶ ᠦᠢᠯᠡᠴᠢᠯᠡᠭᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠬᠠᠢ ᠶᠢᠨ | ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠠᠵᠢᠯᠯᠠᠬᠤ ᠲᠦᠷᠢᠮ ᠢ ᠴᠢᠩᠭ᠎ᠠ ᠰᠠᠬᠢᠵᠤ᠂ ᠠᠵᠢᠯᠯᠠᠵᠤ | ᠪᠠᠶᠢᠭ᠎ᠠ ᠬᠥᠮᠦᠰ ᠤᠨ ᠪᠣᠯᠪᠠᠰᠤᠷᠠᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠵᠤᠤ ᠵᠢᠶᠠᠨ ᠭᠠᠩ᠂ ᠵᠠᠩ ᠪᠢᠨ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |