2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠵᠢᠯ ᠪᠣᠯᠤᠨ᠎ᠠ᠂ ᠴᠢᠩᠱᠠᠨ ᠲᠣᠭᠤᠷᠢᠭ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠢᠶᠠᠷ ᠢᠶᠠᠨ ᠠᠵᠤ ᠠᠬᠤᠢ ᠶᠢᠨ ᠰᠠᠶᠢᠨ ᠡᠬᠢᠯᠡᠯᠲᠡ ᠶᠢ ᠬᠦᠴᠦᠯᠡᠨ | ᠠᠬᠢᠭᠤᠯᠵᠤ᠂ ᠪᠡᠯᠡ ᠣᠷᠣᠭᠤᠯᠤᠯᠲᠠ ᠨᠢ ᠥᠨᠳᠥᠷ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠠᠨᠳᠤᠰᠢ | ᠲᠣᠭᠲᠠᠭᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠵᠤ᠂ ᠠᠵᠤ ᠠᠬᠤᠢ ᠶᠢᠨ ᠠᠵᠢᠯᠯᠠᠭᠠᠨ ᠤ | ᠲᠣᠭᠲᠠᠭᠤᠨ ᠤ ᠳᠤᠮᠳᠠ ᠰᠢᠯᠢᠳᠡᠭᠵᠢᠬᠦ ᠪᠠᠶᠢᠳᠠᠯ ᠢ ᠪᠠᠲᠤᠯᠠᠪᠠ᠃ ᠨᠢᠭᠡᠳᠦᠭᠡᠷ ᠤᠯᠠᠷᠢᠯ ᠳᠤ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 209.2 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠲᠣᠭᠲᠠᠭᠤᠨ ᠢᠶᠠᠷ ᠡᠬᠢᠯᠡᠬᠦ ᠶᠢ | ᠪᠡᠶᠡᠯᠡᠭᠦᠯᠪᠡ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ 5.5% ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 14.8% ᠨᠡᠮᠡᠭᠳᠡᠵᠦ᠂ GDP ᠶᠢᠨ ᠨᠡᠮᠡᠭᠳᠡᠯ ᠢ 5.4 | ᠵᠠᠭᠤᠨ ᠤ ᠴᠡᠭ ᠳᠠᠶᠢᠴᠢᠯᠠᠵᠤ᠂ ᠬᠥᠳᠡᠯᠭᠡᠬᠦ ᠬᠦᠴᠦᠨ ᠬᠦᠴᠦᠲᠡᠶ ᠪᠣᠯᠪᠠ︔ ᠭᠤᠷᠪᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ 2.6% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.6% ᠪᠠᠷ | ᠨᠡᠮᠡᠭᠳᠡᠨ᠂ ᠪᠥᠬᠦ ᠬᠤᠲᠠ ᠶᠢᠨ ᠬᠢ ᠠᠴᠠ 0.6 ᠵᠠᠭᠤᠨ ᠤ ᠨᠢᠭᠡᠴᠢ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠥᠨᠳᠥᠷ ᠪᠣᠯᠵᠤ᠂ ᠠᠳᠠᠯᠢ ᠬᠤᠭᠤᠴᠠᠭᠠᠨ ᠤ ᠬᠢ ᠠᠴᠠ 24.4% ᠪᠠᠷ ᠨᠡᠮᠡᠭᠳᠡᠨ᠂ ᠪᠥᠬᠦ | ᠬᠤᠲᠠ ᠶᠢᠨ 3.5 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.8% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ | 2.8 ᠵᠠᠭᠤᠨ ᠤ ᠨᠢᠭᠡᠴᠢ ᠲᠦᠷᠭᠡᠨ ᠪᠣᠯᠵᠤ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠪᠦᠲᠦᠮᠵᠢᠲᠡᠢ ᠪᠣᠯᠪᠠ᠃ | | | | | | |