ᠠᠷᠠᠳ ᠤᠨ ᠠᠮᠢᠳᠤᠷᠠᠯ ᠤᠨ ᠢᠨᠵᠧᠨᠧᠷᠢᠩ ᠲᠣᠭᠲᠠᠭᠤᠨ ᠢᠶᠠᠷ ᠤᠷᠤᠭᠰᠢᠯᠠᠬᠤ ᠳᠤ ᠬᠦᠴᠦ ᠪᠠᠨ ᠲᠥᠪᠯᠡᠷᠡᠭᠦᠯᠦᠨ᠂ ︽ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ︾᠎ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/24
      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠢᠨᠠᠨ ᠪᠤᠳᠤᠬᠤ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠭ᠎ᠠ ᠪᠠᠷ ︽ᠦᠷ᠎ᠡ ᠪᠦᠲᠦᠮᠵᠢ ᠶᠢᠨ ᠬᠤᠪᠢᠰᠬᠠᠯ︾᠎ ᠢ ᠳᠠᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠦᠨ᠎ᠡ᠃      ᠨᠢᠭᠡ ᠳᠤ ᠠᠷᠠᠳ ᠲᠤ ᠲᠥᠬᠦᠮ ᠦᠵᠡᠭᠦᠯᠬᠦ ᠬᠠᠷᠠᠯᠲᠠ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠨᠠᠷᠢᠯᠢᠭ ᠤᠨᠤᠪᠴᠢᠲᠠᠢ ᠳᠤᠰᠦᠯᠲᠠ ᠶᠢ ᠠᠬᠢᠭᠤᠯᠪᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠠᠷᠠᠳ ᠲᠦᠮᠡᠨ ᠢ ᠳᠡᠭᠡᠳᠦᠯᠡᠬᠦ ᠬᠢᠨᠠᠨ ᠪᠤᠳᠤᠬᠤ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠶᠢ ᠬᠢᠨᠠᠨ ᠪᠤᠳᠤᠬᠤ ᠠᠵᠢᠯ ᠤᠨ ᠲᠤᠰᠤᠯᠲᠠ ᠪᠣᠯᠭᠠᠪᠠ᠃ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠬᠤ ᠬᠡᠮᠵᠢᠶᠡᠨ ᠤ ᠬᠢᠨᠠᠨ ᠪᠤᠳᠤᠯᠲᠠ ᠶᠢ ᠥᠷᠨᠢᠭᠦᠯᠵᠦ᠂ ᠰᠠᠭᠤᠭᠠᠯᠢ ᠬᠠᠭᠤᠴᠢᠨ  ᠲᠣᠭᠤᠷᠢᠭ ᠢ ᠥᠭᠡᠷᠡᠴᠢᠯᠡᠬᠦ ᠲᠥᠰᠦᠯ ᠬᠢᠭᠡᠳ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢᠨ ᠠᠪᠤᠴᠠᠯᠳᠤᠯ ᠤᠨ ᠬᠡᠮᠵᠢᠶ᠎ᠡ ᠶᠢ ᠬᠠᠷᠭᠤᠭᠤᠯᠤᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠵᠡᠷᠭᠡ ᠲᠦᠭᠵᠢᠷᠡᠯ ᠢ ᠤᠷᠢᠳᠠᠪᠠᠷ ᠪᠣᠭᠤᠮᠲᠠ ᠰᠢᠪᠲᠤᠯᠪᠠ᠃ ᠥᠨᠳᠥᠷ ᠳᠠᠪᠲᠠᠮᠵᠢᠲᠤ ᠬᠦᠰᠡᠯ ᠱᠠᠭᠠᠷᠳᠠᠯᠭ᠎ᠠ ᠶᠢᠨ ᠨᠠᠷᠢᠨ ᠳᠠᠩᠰᠠ ᠳᠠᠬᠢ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠱᠢᠶᠡᠯᠡᠪᠡᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠢᠯᠢᠳᠡᠭᠵᠢᠭᠦᠯᠬᠦ᠂ ᠪᠡᠶ᠎ᠡ ᠴᠢᠭᠢᠷᠠᠭᠵᠢᠭᠤᠯᠬᠤ ᠣᠷᠣᠨ ᠵᠠᠶ ᠶᠢ ᠪᠣᠶ ᠪᠣᠯᠭᠠᠬᠤ᠂ ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ᠂ ᠬᠤᠭᠤᠯᠠᠶ ᠱᠤᠭᠤᠮ ᠢ ᠡᠮᠬᠢ ᠵᠢᠷᠤᠮ ᠲᠠᠢ᠂ ︽ᠬᠤᠶᠠᠷ ᠢ ᠵᠦᠷᠢᠴᠡᠭᠰᠡᠨ︾᠎ ᠎ ᠢ ᠨᠤᠷᠠᠭᠠᠬᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠠᠰ ᠳᠡᠪᠰᠢᠭᠦᠯᠬᠦ ᠵᠡᠷᠭᠡ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠬᠦ ᠠᠭᠤᠯᠭ᠎ᠠ ᠳᠤ ᠴᠢᠳᠠᠮᠵᠢ ᠶᠢᠨ ᠴᠢᠨᠠᠷᠲᠠᠶ ᠪᠡᠯᠡᠳᠬᠡᠮᠵᠢ ᠶᠢᠨ ᠳᠤᠲᠠᠭᠤᠳᠠᠯ ᠢ ᠲᠣᠪᠤᠶᠢᠮ᠎ᠠ ᠨᠥᠬᠦᠪᠦᠷᠢᠯᠡᠵᠦ ᠪᠠᠶᠢᠬᠤ ᠡᠰᠡᠬᠦ ᠶᠢ ᠠᠩᠬᠠᠷᠴᠤ᠂ ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ ᠬᠦᠴᠦ ᠨᠡᠮᠡᠷᠢᠯᠡᠵᠦ᠂ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠨᠠᠩ ᠥᠷᠭᠡᠨ ᠳᠡᠯᠭᠡᠷ᠂ ᠨᠠᠩ ᠴᠢᠨᠠᠷ ᠰᠠᠶᠢᠲᠠᠶ ᠰᠠᠭᠤᠭᠠᠯᠢ ᠠᠷᠠᠳ ᠲᠤ ᠬᠦᠷᠲᠡᠭᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠦᠨ᠎ᠡ᠃      ᠬᠤᠶᠠᠷ ᠲᠤ ᠪᠠᠯᠠ ᠮᠥᠩᠭᠦ ᠶᠢᠨ ᠬᠠᠨᠳᠤᠰᠢ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠦᠨᠡᠨ ᠪᠣᠳᠠᠲᠠᠶ ᠠᠭᠤᠯᠭ᠎ᠠ ᠪᠣᠯᠭᠠᠨ᠎ᠠ᠃ ᠴᠢᠩᠱᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠢᠮᠠᠭᠲᠠ ︽ᠪᠡᠯᠡ ᠮᠥᠩᠭᠦ ᠬᠠᠮᠢᠭ᠎ᠠ ᠪᠠᠶᠢᠪᠠᠯ᠂ ᠬᠢᠨᠠᠨ  ᠪᠤᠳᠤᠯᠲᠠ ᠲᠡᠨᠳᠡ ᠪᠠᠶᠢᠬᠤ︾ ᠭᠤᠣᠯᠯᠠᠬᠤ ᠣᠢᠯᠠᠭᠠᠭᠳᠠᠬᠤᠨ ᠢ ᠪᠠᠷᠢᠮᠲᠠᠯᠠᠪᠠ᠃ ᠪᠡᠯᠡ ᠮᠥᠩᠭᠦ ᠶᠢᠨ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠡᠯᠡ ᠮᠥᠩᠭᠦ ᠰᠠᠯᠭᠠᠨ ᠥᠭᠬᠦ ᠴᠠᠭ ᠲᠤᠬᠠᠶᠢᠴᠢ ᠴᠢᠨᠠᠷ᠂ ᠪᠡᠯᠡ ᠮᠥᠩᠭᠦ ᠶᠢ ᠬᠡᠷᠡᠭᠯᠡᠬᠦ ᠳᠦᠷᠢᠮᠵᠢᠯᠳᠦ ᠴᠢᠨᠠᠷ ᠢ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠪᠠᠷ ᠳᠠᠮᠵᠢᠭᠤᠯᠤᠨ᠂ ᠪᠡᠯᠡ ᠮᠥᠩᠭᠦ ᠰᠠᠯᠭᠠᠨ ᠥᠭᠬᠦᠭᠰᠡᠨ  ᠦᠭᠡᠢ ᠠᠴᠠ ᠪᠤᠯᠤᠭᠰᠠᠨ ᠪᠠᠷᠢᠯᠭ᠎ᠠ ᠶᠢᠨ ᠠᠬᠢᠴᠠ ᠬᠤᠴᠣᠷᠤᠩᠭᠤᠶ᠂ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠵᠡᠷᠭᠡ ᠲᠤᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠭᠤᠣᠯᠳᠠᠯᠭ᠎ᠠ ᠲᠠᠢ ᠬᠢᠨᠠᠯᠲᠠ ᠲᠠᠯᠪᠢᠨ᠎ᠠ᠃ ᠡᠭᠦᠨ ᠤ ᠬᠠᠮᠲᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠯᠠ ᠮᠥᠩᠭᠦ ᠨᠢᠭᠡᠪᠦᠷᠢ ᠶᠢ ᠴᠥᠮ ︽ᠵᠠᠩᠭᠢᠯᠠᠭ᠎ᠠ ᠶᠢᠨ ᠭᠠᠵᠠᠷ︾᠎ ᠲᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠤᠨ᠎ᠠ᠃      ᠭᠤᠷᠪᠠ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠵᠢᠷᠤᠮᠵᠢᠯ ᠲᠠᠢ ᠴᠢᠨᠠᠷ ᠰᠠᠶᠢᠲᠠᠢ ᠤᠷᠤᠭᠰᠢᠯᠠᠬᠤ ᠶᠢ ᠠᠬᠢᠭᠤᠯᠪᠠ᠃ ᠣᠶᠢᠷ᠎ᠠ ᠶᠢᠨ ᠵᠢᠯ ᠤᠨ ᠲᠤᠷᠰᠢᠬᠢ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠯ᠎ᠡ ᠭᠤᠭᠴᠤᠭ᠎ᠠ ᠳᠤ ᠭᠠᠷᠴᠤ ᠮᠡᠳᠡᠬᠦ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠡᠮᠬᠢᠯᠡᠨ ᠭᠠᠷᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ᠂ ᠪᠠᠷᠢᠯᠭ᠎ᠠ ᠶᠢᠨ ᠶᠠᠰᠤ ᠴᠢᠨᠠᠷ᠂ ᠭᠡᠷ᠎ᠡ ᠶᠢᠨ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ᠂ ︽ᠲᠦᠭᠰᠢᠭᠦᠷᠢ ᠶᠢᠨ ᠴᠡᠭ︾᠎ ᠢ ᠲᠣᠳᠣᠷᠬᠠᠶ ᠵᠢᠭᠰᠠᠭᠠᠵᠤ᠂ ᠬᠢᠨᠠᠯᠲᠠ ᠲᠠᠯᠪᠢᠬᠤ ︽ᠵᠠᠮ ᠱᠤᠭᠤᠮ ᠤᠨ ᠵᠢᠷᠤᠭ︾ ᠲᠣᠭᠲᠠᠭᠠᠵᠤ᠂ ︽ᠠᠰᠠᠭᠤᠳᠠᠯ ᠲᠠᠢ ᠴᠠᠭ ᠤᠨ ᠱᠤᠭᠤᠮ︾᠎ ᠤᠨ ᠵᠠᠭᠪᠤᠷ ᠶᠣᠰᠣᠭᠠᠷ᠂ ︽ᠨᠠᠷᠢᠨ ᠲᠠᠩᠰᠠ ᠶᠢᠨ ᠮᠠᠶ᠋ᠢᠭ︾᠎ ᠤᠨ ᠬᠢᠨᠠᠯᠲᠠ ᠲᠠᠯᠪᠢᠬᠤ ᠶᠢ ᠥᠷᠨᠢᠭᠦᠯᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠳᠤᠲᠠᠭᠳᠠᠯ ᠢ ᠢᠯᠡᠷᠡᠭᠦᠯᠵᠦ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠪᠡ᠃ ᠬᠢᠨᠠᠯᠲᠠ ᠲᠠᠯᠪᠢᠬᠤ ︽ᠡᠷᠴᠢᠮ︾᠎ ᠢᠶᠠᠷ ᠠᠷᠠᠳ ᠤᠨ ᠠᠮᠢᠳᠤᠷᠠᠯ ᠤᠨ ︽ᠳᠤᠯᠠᠭᠠᠴᠠ︾᠎ ᠶᠢ ᠪᠠᠲᠤᠯᠠᠵᠤ᠂ ︽ᠠᠰᠠᠭᠤᠳᠠᠯ ᠤᠨ ᠨᠠᠷᠢᠨ ᠲᠠᠩᠰᠠ︾᠎ ᠶᠢ ᠲᠠᠰᠤᠷᠠᠯᠲᠠ ᠥᠬᠡᠶ ︽ᠵᠣᠯ ᠵᠢᠷᠭᠠᠯ ᠤᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠂ ᠬᠤᠲᠠ ᠶᠢᠨ ᠰᠢᠨᠡᠳᠬᠡᠯ ᠳᠤ ᠣᠷᠳᠣ ᠬᠤᠭᠤᠴᠠᠭᠠᠨ ᠤ ᠬᠥᠳᠡᠯᠭᠡᠬᠦ ᠬᠦᠴᠦᠨ ᠨᠡᠮᠡᠷᠢᠯᠡᠨ᠎ᠡ᠃      ᠲᠦᠷᠪᠡ ᠳᠤ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠦᠷᠭᠦᠯᠵᠢᠯᠡᠬᠦ ᠬᠥᠭᠵᠢᠯᠲᠡ ᠶᠢ ᠥᠷᠭᠡᠳᠬᠡᠵᠦ ᠰᠢᠨ᠎ᠡ ᠪᠠᠶᠢᠳᠠᠯ ᠢ ᠪᠤᠢ ᠪᠤᠯᠭᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠠᠰᠠᠭᠤᠳᠠᠯ ᠤᠨ ᠰᠢᠯᠲᠠᠭᠠᠨ ᠢ ᠵᠠᠳᠠᠯᠬᠤ ᠶᠢ ᠴᠢᠬᠤᠯᠠᠴᠢᠯᠠᠵᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠠᠭᠤᠷᠢ ᠲᠥᠬᠦᠭᠡᠷᠦᠮᠵᠢ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠬᠦ ᠵᠡᠷᠭᠡ ᠰᠠᠨᠠᠭᠤᠯᠭ᠎ᠠ ᠶᠢ ᠳᠤᠷᠠᠳᠴᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢ ᠠᠬᠢᠭᠤᠯᠵᠤ᠂ ᠰᠠᠭᠤᠭᠠᠯᠢ ᠠᠷᠠᠳ ‍ᠤᠨ‌ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ︽ᠰᠠᠶᠢᠲᠤᠷ ᠰᠠᠶᠢᠵᠢᠷᠠᠭᠤᠯᠬᠤ︾᠎ ᠠᠴᠠ ︽ᠰᠠᠶᠢᠲᠤᠷ ᠬᠠᠮᠢᠶᠠᠷᠬᠤ︾ ᠲᠡᠰᠢ ᠤᠷᠲᠤᠳᠬᠠᠬᠤ ᠶᠢ ᠠᠬᠢᠭᠤᠯᠪᠠ᠃ ᠥᠭᠡᠷᠡᠴᠢᠯᠡᠭᠰᠡᠨ ᠤ ᠳᠠᠷᠠᠭᠠᠬᠢ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ ᠵᠡᠷᠭᠡ ︽ᠰᠡᠭᠦᠯᠴᠢ ᠶᠢᠨ ᠬᠠᠭᠠᠰ ᠠᠵᠢᠯ︾᠎ ᠢ ᠠᠩᠬᠠᠷᠴᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠥᠭᠡᠷᠡᠴᠢᠯᠡᠭᠰᠡᠨ ᠦᠷ᠎ᠡ ᠪᠦᠲᠦᠭᠡᠯ ᠤᠨ ᠦᠷᠭᠦᠯᠵᠢᠯᠡᠬᠦ ᠴᠢᠨᠠᠷ ᠪᠠ ᠰᠠᠭᠤᠭᠠᠯᠢ ᠠᠷᠠᠳ ᠤᠨ ᠵᠣᠯ ᠵᠢᠷᠭᠠᠯ ᠤᠨ ᠦᠷᠭᠦᠯᠵᠢᠯᠡᠨ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号