ᠴᠢᠩᠱᠠᠨ · ᠤᠩᠰᠢᠯᠭ᠎ᠠ ᠶᠢᠨ ︽ᠳᠠᠭᠠᠭᠤᠯᠤᠭᠴᠢ︾᠂ ᠰᠠᠶᠢᠨ ᠰᠠᠶᠢᠬᠠᠨ ᠢ ᠦᠵᠡᠵᠦ ᠳᠡᠯᠭᠡᠷᠡᠭᠦᠯᠪᠡ︕
ᠨᠡᠶᠢᠲᠡᠯᠡᠭᠰᠡᠨ ᠴᠠᠭ᠄
2025/4/24
      4 ᠰᠠᠷ᠎ᠠ ᠶᠢᠨ 23 ᠤ ᠡᠳᠦᠷ᠂ 30 ᠳ᠋ᠤᠭᠠᠷ ᠤᠳᠠᠭᠠᠨ ᠤ ᠳᠡᠯᠡᠬᠡᠶ ᠶᠢᠨ ᠨᠣᠮ ᠤᠩᠰᠢᠬᠤ ᠡᠳᠦᠷ ᠲᠤ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠲᠤᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠴᠢᠩᠱᠠᠨ ᠲᠣᠭᠤᠷᠢᠭ ᠤᠨ ᠬᠤᠪᠢᠶᠠᠷᠢ ᠺᠣᠮᠫᠠᠨᠢ ᠲᠠᠢ ᠬᠠᠮᠲᠤᠷᠠᠨ ︽ᠴᠢᠩᠱᠠᠨ · ᠤᠩᠰᠢᠭᠴᠢᠳ ᠤᠨ ᠳᠠᠭᠠᠭᠤᠯᠤᠭᠴᠢ᠂ ᠰᠠᠶᠢᠨ ᠰᠠᠶᠢᠬᠠᠨ ᠢ ᠦᠵᠡᠵᠦ ᠳᠡᠯᠭᠡᠷᠡᠭᠦᠯᠬᠦ︾ ᠰᠢᠢᠳᠪᠦᠷᠢᠲᠦ ᠤᠷᠤᠯᠳᠤᠭᠠᠨ ᠡᠷᠭᠢᠯᠡᠪᠡ᠃ ᠲᠣᠰ ᠤᠳᠠᠭᠠᠨ ᠤ ᠤᠷᠤᠯᠳᠤᠭᠠᠨ ᠢ 3 ᠳ᠋ᠤᠭᠠᠷ ᠰᠠᠷ᠎ᠠ ᠶᠢᠨ ᠰᠡᠭᠦᠯᠴᠢ ᠪᠠᠷ ᠡᠬᠢᠯᠡᠭᠦᠯᠦᠭᠰᠡᠨ ᠠᠴᠠ ᠨᠠᠭᠠᠰᠢ᠂ ᠪᠥᠬᠦ ᠲᠤᠭᠤᠷᠢᠭ ᠤᠨ ᠡᠮᠡᠭᠲᠡᠶ ᠠᠵᠢᠯᠲᠠᠨ ᠠᠵᠢᠯᠴᠢᠨ᠂ ᠢᠯᠠᠩᠭᠤᠶ᠎ᠠ ︽ᠭᠤᠷᠪᠠᠨ ᠰᠢᠨ᠎ᠡ︾ ᠶᠢᠨ ᠬᠦᠷᠢᠶᠡᠨ ᠳᠠᠬᠢ ᠡᠮᠡᠭᠲᠡᠶ ᠠᠵᠢᠯ ᠡᠷᠭᠢᠯᠡᠭᠰᠡᠳ ᠤᠨ ᠢᠳᠡᠪᠬᠢᠲᠡᠶ ᠬᠦᠷᠢᠶᠡᠯᠡᠯ ᠪᠠ ᠬᠠᠯᠠᠭᠤᠨ ᠰᠡᠳᠬᠢᠯᠭᠡ ᠶᠢ ᠤᠯᠪᠠ᠃ ᠡᠮᠦᠨᠡᠬᠢ ᠬᠤᠭᠤᠴᠠᠭᠠᠨ ᠤ ᠠᠩᠬᠠᠨ ᠤ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠡᠮᠵᠢᠨ᠂ 9 ᠣᠷᠣᠯᠴᠠᠭᠴᠢ ᠶᠢᠨ ᠪᠦᠲᠦᠭᠡᠯ ᠨᠢ 50 ᠭᠠᠷᠤᠶ ᠸᠢᠳᠢᠣ᠋ ᠶᠢᠨ ᠳᠤᠮᠳᠠ ᠠᠴᠠ ᠴᠣᠯᠭᠤᠷᠠᠨ ᠭᠠᠷᠴᠤ᠂ ᠲᠣᠰ ᠤᠳᠠᠭᠠᠨ ᠤ ᠤᠩᠰᠢᠯᠭ᠎ᠠ ᠶᠢ ᠳᠡᠯᠭᠡᠷᠡᠭᠦᠯᠦᠭᠴᠢ ᠶᠢᠨ ᠰᠢᠢᠳᠪᠦᠷᠢᠲᠦ ᠤᠷᠤᠯᠳᠤᠭᠠᠨ ᠳᠤ ᠣᠷᠣᠪᠠ᠃ ᠡᠭᠦᠨ ᠤ ᠬᠠᠮᠲᠤ᠂ ᠲᠤᠭᠤᠷᠢᠭ ᠤᠨ ᠬᠠᠷᠢᠶ᠎ᠠ ᠪᠠᠶᠢᠭᠤᠯᠤᠯᠭ᠎ᠠ ᠨᠢᠭᠡᠴᠢ᠂ ︽ᠭᠤᠷᠪᠠᠨ ᠰᠢᠨ᠎ᠡ︾ ᠶᠢᠨ ᠬᠦᠷᠢᠶᠡᠨ ᠠᠴᠠ ᠢᠷᠡᠭᠰᠡᠨ 20 ᠭᠠᠷᠤᠶ ᠡᠮᠡᠭᠲᠡᠶ ᠠᠵᠢᠯ ᠡᠷᠭᠢᠯᠡᠭᠴᠢᠳ ᠲᠤᠬᠠᠶ ᠶᠢᠨ ᠲᠠᠯᠠᠪᠠᠶ ᠳᠤ ᠢᠷᠡᠵᠦ ᠰᠣᠨᠢᠷᠬᠠᠪᠠ᠃      ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠣᠷᠣᠯᠴᠠᠭᠴᠢ ︽ᠬᠤᠪᠢᠰᠬᠠᠯ ᠤᠨ ᠭᠤᠤᠯ ᠰᠡᠳᠦᠪᠲᠦ ᠲᠥᠷᠥᠯ ᠤᠨ ᠨᠣᠮ ᠪᠢᠴᠢᠭ︾᠂ ︽ᠬᠡᠷ ᠪᠦᠯᠢ ᠶᠢᠨ ᠰᠤᠷᠭᠠᠨ ᠬᠥᠮᠦᠵᠢᠯ ᠤᠨ ᠲᠥᠷᠥᠯ ᠤᠨ ᠨᠣᠮ ᠪᠢᠴᠢᠭ︾ ᠵᠢᠴᠢ ︽ᠮᠢᠨᠦ ᠬᠠᠮᠤᠭ ᠠᠴᠠ ᠲᠠᠨᠢᠯᠴᠠᠭᠤᠯᠬᠤ ᠨᠢᠭᠡ ᠳᠡᠪᠲᠡᠷ︾ ᠭᠡᠬᠦ ᠭᠤᠷᠪᠠᠨ ᠶᠡᠭᠡ ᠭᠤᠤᠯ ᠰᠡᠳᠦᠪ ᠤᠨ ᠲᠣᠭᠤᠷᠢᠨ ᠳᠤ ᠬᠤᠪᠢ ᠬᠥᠮᠦᠨ ᠤ ᠦᠰᠦᠨ ᠪᠤᠶᠢᠵᠢᠭᠰᠠᠨ ᠥᠩᠭᠡᠷᠡᠯᠲᠡ ᠲᠠᠢ ᠤᠶᠠᠯᠳᠤᠭᠤᠯᠵᠤ᠂ ᠨᠣᠮ ᠪᠢᠴᠢᠭ ᠤᠨ ᠥᠷᠲᠡᠭ ᠤᠨ ᠦᠵᠡᠯᠲᠡ ᠶᠢᠨ ᠴᠣᠭᠴᠠᠯᠠᠯᠲᠠ ᠪᠤᠶᠤ ᠬᠥᠮᠦᠨ ᠤ ᠠᠮᠢᠳᠤᠷᠠᠯ ᠤᠨ ᠰᠣᠩᠭᠤᠯᠲᠠ ᠶᠢᠨ ᠨᠥᠯᠥᠭᠡ ᠶᠢᠨ ᠲᠣᠭᠤᠷᠢᠨ ᠳᠤ ᠭᠤᠶᠢᠳᠠ ᠰᠠᠶᠢᠬᠠᠨ ᠬᠤᠪᠢᠶᠠᠯᠴᠠᠪᠠ᠃ ᠵᠠᠷᠢᠮ ᠨᠢ ᠰᠣᠩᠭᠤᠳᠠᠭ ᠨᠡᠷᠡᠲᠦ ᠪᠦᠲᠦᠭᠡᠯ ᠢᠶᠠᠷ ᠡᠰᠢᠯᠡᠯᠲᠡ ᠪᠣᠯᠭᠠᠵᠤ᠂ ᠬᠥᠮᠦᠨᠴᠢ ᠴᠢᠨᠠᠷ ᠪᠣᠯᠤᠨ ᠴᠠᠭ ᠦᠶ᠎ᠡ ᠶᠢᠨ ᠴᠤᠤᠷᠢᠶ᠎ᠠ ᠶᠢ ᠵᠠᠳᠠᠯᠪᠠ︔ ᠵᠠᠷᠢᠮ ᠨᠢ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠨᠣᠮ ᠪᠢᠴᠢᠭ ᠢ ᠬᠡᠷᠬᠢᠨ ᠬᠥᠮᠦᠨ ᠤ ᠠᠮᠢᠳᠤᠷᠠᠯ ᠤᠨ ᠴᠠᠮᠬᠠᠭ ᠢ ᠶᠠᠷᠢᠬᠤ ᠪᠣᠶ︔ ᠵᠠᠷᠢᠮ ᠨᠢ ᠭᠡᠷ ᠪᠦᠯᠢ ᠶᠢᠨ ᠬᠥᠮᠦᠵᠢᠯ ᠤᠨ ᠲᠥᠷᠥᠯ ᠤᠨ ᠨᠣᠮ ᠪᠢᠴᠢᠭ ᠢ ᠤᠩᠰᠢᠬᠤ ᠪᠠᠷ ᠳᠠᠮᠵᠢᠭᠤᠯᠤᠨ ᠭᠡᠷ ᠪᠦᠯᠢ ᠶᠢᠨ ᠬᠠᠷᠢᠴᠠᠭ᠎ᠠ ᠶᠢ ᠨᠠᠩ ᠡᠶ᠎ᠡ ᠵᠣᠬᠢᠴᠠᠯ ᠲᠠᠢ︔ ᠪᠠᠰᠠ ᠵᠠᠷᠢᠮ ᠨᠢ ᠰᠢᠯᠦᠭ ᠤᠨ ᠬᠡᠯᠡ ᠪᠠᠷ ᠦᠭᠡ ᠬᠡᠯᠡᠵᠦ᠂ ᠤᠩᠰᠢᠯᠭ᠎ᠠ ᠶᠢᠨ ᠠᠪᠴᠢᠷᠠᠭᠰᠠᠨ ᠰᠢᠯᠦᠭ ᠤᠨ ᠰᠠᠨᠠᠭ᠎ᠠ ᠪᠠ ᠭᠦᠨ ᠪᠣᠳᠣᠯᠭ᠎ᠠ ᠲᠠᠢ ᠪᠣᠯᠪᠠ᠃ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠭᠤᠤᠯ ᠰᠡᠳᠦᠪᠲᠦ ᠠᠭᠤᠯᠭ᠎ᠠ᠂ ᠦᠭᠡ ᠬᠡᠯᠡᠨ ᠤ ᠢᠯᠡᠳᠬᠡᠯ᠂ ᠲᠤᠬᠠᠶ ᠶᠢᠨ ᠲᠠᠯᠠᠪᠠᠢ ᠶᠢᠨ ᠦᠷ᠎ᠡ ᠪᠦᠲᠦᠮᠵᠢ᠂ ᠬᠡᠪ ᠨᠠᠮᠪᠠ᠂ ᠰᠢᠨ᠎ᠡ ᠶᠢ ᠡᠭᠦᠳᠬᠦ ᠵᠢᠷᠤᠭ ᠲᠥᠯᠥᠪᠯᠡᠭᠡ᠂ ᠴᠠᠭ ᠤᠨ ᠱᠠᠭᠠᠷᠳᠠᠯᠭ᠎ᠠ ᠵᠡᠷᠭᠡ ᠵᠢᠷᠭᠤᠭᠠᠨ ᠲᠠᠯ᠎ᠠ ᠠᠴᠠ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠨ ᠦᠵᠡᠭᠦᠯᠭᠡ ᠳᠤ ᠶᠡᠷᠦᠩᠬᠡᠶᠢᠯᠡᠭᠰᠡᠨ ᠬᠤᠪᠢ ᠣᠯᠭᠤᠪᠠ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠥᠬᠦ ᠲᠠᠯ᠎ᠠ ᠶᠢᠨ ᠤᠩᠰᠢᠯᠭ᠎ᠠ᠂ ᠡᠴᠢᠭᠡ ᠡᠬᠡ ᠦᠷ᠎ᠡ ᠬᠡᠤᠬᠡᠳ ᠤᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠣᠯᠠᠨ ᠡᠮᠡᠭᠲᠡᠶᠢᠴᠦᠳ ᠪᠠ ᠬᠡᠷ ᠪᠦᠯᠢ ᠶᠢ ᠬᠥᠲᠥᠯᠦᠨ ᠵᠢᠯᠣᠭᠤᠳᠴᠤ ᠪᠠᠶᠢᠭᠠᠳ ᠪᠥᠬᠦ ᠠᠷᠠᠳ ᠤᠨ ᠤᠩᠰᠢᠯᠭ᠎ᠠ ᠶᠢᠨ ︽ᠳᠠᠭᠠᠭᠤᠯᠤᠭᠴᠢ︾᠂ ᠪᠢᠴᠢᠭ ᠤᠨ ᠰᠤᠷᠪᠤᠯᠵᠢᠲᠤ ᠬᠡᠷ ᠪᠦᠯᠢ ᠶᠢᠨ ︽ᠪᠥᠲᠥᠭᠡᠨ ᠪᠠᠶᠢᠭᠤᠯᠤᠭᠴᠢ︾᠂ ᠰᠣᠶᠣᠯ ᠤᠨ ᠤᠯᠠᠮᠵᠢᠯᠠᠯ ᠤᠨ ︽ᠦᠢᠯᠡᠳᠦᠯᠭᠡᠵᠢᠭᠦᠯᠦᠭᠴᠢ︾ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号