ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ | ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ᠃ | | | | | 4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ | ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ | ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ︽ᠫᠠᠷᠢᠰ ᠤᠨ ᠬᠡᠯᠡᠯᠴᠡᠭᠡᠷ︾ ᠲᠣᠭᠲᠠᠭᠰᠠᠨ 10 ᠵᠢᠯ ᠤᠨ ᠤᠢ ᠪᠤᠯᠬᠤ ᠪᠥᠭᠡᠳ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠣᠳᠣᠬᠠᠨ ᠳᠤ᠂ | ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ | ᠲᠥᠷᠥᠯᠬᠢᠲᠡᠨ ᠤ ᠨᠡᠶᠢᠭᠡᠮ ᠰᠢᠨ᠎ᠡ ᠲᠣᠨᠣᠯᠵᠢᠨ ᠵᠠᠮ ᠳᠤ ᠵᠣᠭᠰᠣᠪᠠ᠃ ᠣᠨᠴᠠ ᠵᠠᠷᠢᠮ ᠲᠣᠮᠣ ᠤᠯᠤᠰ ᠬᠡᠳᠦ᠋ᠢᠪᠡᠷ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ ᠳᠤ ᠬᠠᠯᠠᠮᠰᠢᠵᠤ᠂ ᠤᠯᠠᠨ ᠤᠯᠤᠰ ᠤᠨ ᠳᠦᠷᠢᠮ ᠪᠠ ᠤᠯᠠᠨ ᠤᠯᠤᠰ ᠤᠨ ᠡᠮᠬᠢ | ᠵᠢᠷᠤᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠬᠤ ᠪᠤᠯᠪᠠᠴᠤ ᠲᠡᠦᠬᠡ ᠶᠡᠷᠦ ᠨᠢ ᠨᠤᠭᠤᠷᠠᠯ ᠪᠦᠳᠦᠷᠢᠯ ᠤᠨ | ᠳᠤᠮᠳᠠ ᠤᠷᠤᠭᠰᠢᠯᠠᠬᠤ ᠶᠤᠮ᠃ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠳᠠᠭ | ᠯᠠ ᠶᠤᠮ ᠪᠣᠯ ᠯᠠᠪᠲᠠᠢ ᠰᠥᠷᠭᠡᠦ ᠤᠷᠤᠰᠬᠠᠯ ᠢ ᠰᠢᠪᠲᠤᠯᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ | ᠪᠣᠯᠣᠨ ᠳᠡᠯᠡᠬᠡᠢ ᠶᠢᠨ ᠠᠯᠢᠪᠠ ᠲᠠᠪᠰᠢᠯᠳᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ᠃ | | ᠨᠢᠭᠡ ᠳᠤ᠂ ᠤᠯᠠᠨ ᠲᠠᠯᠠᠲᠤ ᠦᠵᠡᠯ ᠢ ᠪᠠᠲᠤ ᠰᠠᠬᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ | ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠬᠤ | ᠬᠡᠷᠡᠭᠲᠡᠢ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠢᠲᠡᠭᠡᠯ ᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠣᠨᠢᠯᠠᠨ᠂ ᠤᠯᠠᠨ ᠲᠠᠯᠠᠲᠤ ᠵᠠᠰᠠᠯᠲᠠ ᠪᠠᠷ ᠳᠠᠮᠵᠢᠭᠤᠯᠤᠨ | ᠠᠭᠤᠷ ᠠᠮᠢᠰᠬᠤᠯ ᠤᠨ ᠬᠢᠮᠤᠷᠠᠯ ᠢ ᠬᠠᠮᠲᠤ ᠪᠠᠷ ᠠᠷᠭᠠᠴᠠᠭᠠᠶ᠎ᠠ᠃ | ᠬᠤᠶᠠᠷ ᠲᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠡᠭᠡᠭᠡᠯᠲᠡᠲᠡᠢ ᠪᠠᠭᠲᠠᠭᠠᠮᠵᠢᠲᠠᠢ | ᠪᠠᠶᠢᠬᠤ ᠪᠠᠷ ᠵᠠᠪᠰᠠᠷᠳᠠᠯ ᠮᠥᠷᠭᠦᠯᠳᠦᠭᠡᠨ ᠢ ᠳᠠᠪᠠᠵᠤ᠂ ᠬᠠᠮᠲᠤᠷᠠᠯᠴᠠᠭ᠎ᠠ ᠪᠠᠷ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ | ᠦᠢᠯᠡᠰ ᠤᠨ ᠬᠤᠪᠢᠰᠤᠯᠲᠠ ᠶᠢ ᠠᠬᠢᠭᠤᠯᠵᠤ᠂ ᠴᠢᠨᠠᠷ ᠰᠠᠶᠢᠲᠠᠢ ᠪᠣᠬᠢᠷᠳᠤᠯ ᠦᠭᠡᠢ ᠮᠡᠷᠭᠡᠵᠢᠯ ᠪᠠ ᠦᠢᠯᠡᠳᠬᠦᠨ ᠤ ᠴᠢᠯᠦᠭᠡᠲᠡᠢ | ᠭᠦᠢᠯᠭᠡᠭᠡ ᠶᠢ ᠠᠬᠢᠭᠤᠯᠵᠤ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠴᠥᠮ ᠬᠡᠷᠡᠭᠯᠡᠵᠦ | ᠪᠤᠯᠬᠤ᠂ ᠬᠡᠷᠡᠭᠯᠡᠵᠦ ᠳᠡᠶᠢᠯᠭᠦ᠂ ᠰᠠᠶᠢᠲᠤᠷ ᠬᠡᠷᠡᠭᠯᠡᠬᠦ ᠪᠣᠯᠭᠠᠨ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢ ᠶᠡᠭᠡ ᠪᠠᠷ ᠭᠦᠨᠵᠡᠭᠡᠶᠢᠷᠡᠭᠦᠯᠵᠦ᠂ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠦᠷᠭᠦᠯᠵᠢᠯᠡᠨ | ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠦᠨ᠎ᠡ᠃ | ᠭᠤᠷᠪᠠ ᠳᠤ᠂ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠷᠠᠳ ᠲᠦᠮᠡᠨ ᠢᠶᠠᠷ | ᠭᠤᠣᠯ ᠪᠤᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠪᠠ ᠠᠭᠤᠷ ᠠᠮᠢᠰᠬᠤᠯ ᠢ ᠵᠠᠰᠠᠬᠤ ᠶᠢ | ᠬᠠᠮᠵᠢᠯᠴᠠᠨ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ᠂ ᠠᠵᠤ ᠠᠬᠤᠢ ᠶᠢ ᠬᠥᠭᠵᠢᠭᠦᠯᠬᠦ᠂ ᠠᠵᠢᠯ ᠤᠨ ᠪᠠᠶᠢᠷᠢ | ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠣᠯᠠᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ | ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠬᠠᠪᠰᠤᠷᠤᠯᠭ᠎ᠠ ᠳᠡᠮᠵᠢᠯᠭᠡ ᠬᠠᠩᠭᠠᠵᠤ᠂ ᠪᠦᠭᠦ | ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ | ᠨᠡᠮᠡᠷᠢᠯᠡᠵᠦ᠂ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠪᠠ ᠠᠯᠤᠰ ᠭᠡᠳᠤ ᠶᠢᠨ ᠠᠵᠠ ᠵᠢᠷᠭᠠᠯ ᠢ ᠨᠡᠮᠡᠭᠳᠡᠭᠦᠯᠬᠦ | ᠡᠭᠦᠷᠭᠡ ᠲᠠᠢ ᠶᠤᠮ᠃ | ᠳᠥᠷᠪᠡ ᠳᠤ᠂ ᠪᠣᠳᠠᠲᠠᠢ ᠶᠢ ᠡᠷᠭᠢᠮᠯᠡᠭᠦ ᠠᠵᠢᠯᠯᠠᠭ᠎ᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠬᠢᠨ ᠴᠥᠮ ᠬᠠᠮᠤᠭ ᠤᠨ | ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠤ ᠠᠬᠤᠢ ᠶᠢᠨ ᠬᠥᠭᠵᠢᠯᠲᠡ ᠪᠠ ᠡᠨᠧᠷᠭᠢ ᠶᠢᠨ ᠭᠡᠯᠪᠡᠷᠢ ᠶᠢᠨ | ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ ᠤᠯᠤᠰ ᠤᠨ ᠪᠡᠶ᠎ᠡ ᠪᠠᠨ ᠳᠠᠭᠠᠭᠠᠵᠤ ᠬᠤᠪᠢ | ᠨᠡᠮᠡᠷᠢ ᠦᠵᠡᠭᠦᠯᠭᠦ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠪᠡᠯ ᠵᠣᠬᠢᠨ᠎ᠠ᠃ ᠳᠤᠮᠳᠠᠳᠤ ᠤᠯᠤᠰ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠧᠯᠦ᠋ᠨ ᠤ ᠶᠡᠭᠡ ᠬᠤᠷᠠᠯ ᠠᠴᠠ | ᠡᠮᠦᠨ᠎ᠡ᠂ ᠪᠤᠢ ᠪᠦᠬᠦᠢ ᠬᠦᠯᠡᠮᠵᠢ ᠶᠢᠨ ᠬᠡᠢ ᠪᠡᠶᠡᠲᠦ ᠶᠢ ᠪᠠᠭᠲᠠᠭᠠᠭᠰᠠᠨ ᠪᠦᠭᠦ ᠠᠵᠤ ᠠᠬᠤᠢ ᠶᠢᠨ ᠬᠦᠷᠢᠶ᠎ᠡ ᠶᠢ ᠬᠠᠮᠤᠷᠤᠭᠰᠠᠨ | 2035 ᠣᠨ ᠤ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ ᠬᠠᠷᠠᠯᠲᠠ ᠶᠢ ᠨᠡᠶᠢᠲᠡᠯᠡᠬᠦ ᠪᠣᠯᠣᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠪᠣᠯᠣᠨ᠎ᠠ᠃ ᠳᠤᠮᠳᠠᠳᠤ ᠤᠯᠤᠰ ᠪᠣᠯ ᠳᠡᠯᠡᠬᠡᠢ ᠶᠢᠨ ᠪᠣᠬᠢᠷᠳᠤᠯ | ᠦᠭᠡᠢ ᠬᠥᠭᠵᠢᠯᠲᠡ ᠶᠢᠨ ᠡᠷᠡᠰ ᠪᠠᠲᠤ ᠠᠵᠢᠯᠯᠠᠭᠴᠢ᠂ ᠴᠢᠬᠤᠯᠠ ᠬᠤᠪᠢ ᠨᠡᠮᠡᠷᠢ ᠦᠵᠡᠭᠦᠯᠦᠭᠴᠢ ᠮᠥᠨ᠂ 5 ᠵᠢᠯ ᠤᠨ ᠡᠮᠦᠨ᠎ᠡ | ᠪᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠨᠡᠶᠢᠲᠡᠯᠡᠭᠰᠡᠨ ᠠᠴᠠ ᠨᠠᠭᠠᠰᠢ᠂ ᠳᠤᠮᠳᠠᠳᠤ ᠤᠯᠤᠰ ᠪᠦᠭᠦ ᠪᠥᠮᠪᠥᠷᠴᠡᠭ ᠤᠨ ᠬᠠᠮᠤᠭ ᠤᠨ | ᠶᠡᠭᠡ᠂ ᠬᠥᠭᠵᠢᠯᠲᠡ ᠪᠠᠷ ᠬᠠᠮᠤᠭ ᠤᠨ ᠲᠦᠷᠭᠡᠨ ᠳᠠᠬᠢᠯᠲᠠ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠦᠭᠦ ᠪᠥᠮᠪᠥᠷᠴᠡᠭ ᠤᠨ | ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ | ᠪᠦᠭᠦ ᠪᠥᠮᠪᠥᠷᠴᠡᠭ ᠤᠨ ᠲᠦᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠪᠣᠬᠢᠷᠳᠤᠯ ᠦᠭᠡᠢ ᠲᠠᠯᠠᠪᠠᠢ ᠶᠢ | ᠬᠠᠨᠳᠢᠪᠯᠡᠪᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠠᠭᠤᠷ | ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ᠂ ᠤᠯᠠᠨ ᠤᠯᠤᠰ ᠤᠨ | ᠬᠠᠮᠲᠤᠷᠠᠯᠴᠠᠭ᠎ᠠ ᠶᠢ ᠠᠬᠢᠭᠤᠯᠬᠤ ᠴᠢᠷᠮᠠᠶᠢᠯᠭ᠎ᠠ ᠰᠤᠯᠠᠷᠠᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠵᠤᠬᠰᠤᠬᠤ ᠦᠭᠡᠢ ᠶᠤᠮ᠃ ᠳᠤᠮᠳᠠᠳᠤ ᠤᠯᠤᠰ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠪᠦᠯᠬᠦᠮᠳᠡᠨ ᠬᠠᠮᠵᠢᠯᠴᠠᠵᠤ᠂ ᠠᠷᠢᠭᠤᠨ ᠴᠡᠪᠡᠷ᠂ ᠦᠵᠡᠰᠬᠦᠯᠡᠩᠲᠦ | ᠰᠠᠶᠢᠬᠠᠨ᠂ ᠦᠷᠭᠦᠯᠵᠢᠯᠡᠬᠦ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | | | | |