ᠴᠢᠩᠱᠠᠨ ᠲᠣᠭᠤᠷᠢᠭ ︽ᠭᠤᠷᠪᠠᠨ ᠭᠤᠣᠯᠳᠠᠯᠭ᠎ᠠ︾᠎ ᠳᠤ ᠨᠠᠷᠢᠯᠢᠭ ᠤᠨᠤᠪᠴᠢᠲᠠᠢ ᠬᠦᠴᠦ ᠪᠠᠨ ᠲᠥᠪᠯᠡᠷᠡᠭᠦᠯᠵᠦ      ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/4/25
      ᠲᠤᠭ᠎ᠠ ᠪᠦᠷᠢᠳᠬᠡᠯ ᠤᠨ ᠠᠵᠢᠯ ᠪᠣᠯ ᠨᠢᠭᠡ ᠵᠦᠢᠯ ᠤᠨ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠰᠠᠭᠤᠷᠢ ᠠᠵᠢᠯ ᠪᠣᠯᠤᠨ᠎ᠠ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠢ ᠪᠥᠬᠦ  ᠲᠤᠭᠤᠷᠢᠭ ‍ᠤᠨ‌ᠠᠵᠤ ᠠᠬᠤᠶ ᠶᠢ ᠲᠤᠰᠬᠠᠬᠤ ︽ᠴᠠᠭ ᠠᠭᠤᠷ ᠤᠨ ᠬᠡᠮᠵᠢᠭᠦᠷ︾ ᠪᠣᠯᠤᠭᠰᠠᠨ ᠤ ᠬᠤᠪᠢ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ᠴᠢᠬᠤᠯᠠ ᠦᠨᠳᠦᠰᠦᠯᠡᠯ ᠪᠣᠯᠤᠨ᠎ᠠ᠃ ᠪᠦᠬᠦ ᠲᠤᠭᠤᠷᠢᠭ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠥᠯᠥᠭᠡ᠂ 2025 ᠣᠨ ᠳᠤ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠠᠭᠤᠷᠢ ᠶᠢ ᠦᠷᠭᠦᠯᠵᠢᠯᠡᠨ ᠪᠠᠲᠤᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ︽ᠭᠤᠷᠪᠠᠨ ᠭᠤᠣᠯᠳᠠᠯᠭ᠎ᠠ︾᠎ ᠶᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠴᠦᠯᠡᠨ ᠠᠬᠢᠭᠤᠯᠪᠠ᠃      ︵ᠨᠢᠭᠡ︶ ᠬᠦᠴᠦᠨ ᠢᠶᠠᠨ ᠲᠥᠪᠯᠡᠷᠡᠭᠦᠯᠦᠨ ᠲᠤᠬᠠᠶᠢᠯᠠᠭᠰᠠᠨ ᠠᠵᠢᠯ ᠤᠨ ᠭᠤᠣᠯᠳᠠᠯᠭ᠎ᠠ ᠶᠢ ᠴᠢᠩᠭᠠᠳᠬᠠᠵᠤ᠂ ᠲᠤᠰᠬᠠᠢ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ      ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠪᠣᠯ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠬᠤ ᠭᠤᠣᠯ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠡᠩᠨᠡᠭᠡᠨ ᠤ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ᠂ ᠶᠡᠭᠡ ᠲᠠᠯ᠎ᠠ ᠳᠤ ᠦᠢᠯᠡᠴᠢᠯᠡᠬᠦ᠂ ᠵᠠᠳᠠᠯᠤᠨ ᠮᠠᠭᠠᠳᠯᠠᠬᠤ᠂ ᠰᠢᠨ᠎ᠡ ᠶᠢ ᠡᠭᠦᠳᠬᠦ ᠪᠠ ᠨᠢᠭᠡᠳᠦᠯᠲᠡᠢ ᠲᠥᠯᠥᠪᠵᠢᠭᠦᠯᠬᠦ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠦᠬᠦ ᠲᠠᠯ᠎ᠠ ᠠᠴᠠ ᠭᠠᠷᠳᠠᠨ᠎ᠠ᠃ ᠲᠤᠭ᠎ᠠ ᠪᠦᠷᠢᠳᠬᠡᠯ ᠤᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢᠲᠡᠶ ᠪᠠᠶᠢᠬᠤ ᠶᠢ ᠪᠠᠷᠢᠮᠲᠠᠯᠠᠨ᠂ ᠬᠠᠤᠯᠢ ᠴᠠᠭᠠᠵᠠ ᠶᠢᠨ ᠡᠷᠬᠡ ᠰᠦᠷ ᠢ ᠦᠨᠡᠨ ᠬᠦ ᠬᠠᠮᠠᠭᠠᠯᠠᠨ᠎ᠠ︔ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠠᠴᠠ ᠲᠤᠭ᠎ᠠ ᠪᠦᠷᠢᠳᠬᠡᠯ ᠤᠨ ᠤᠷᠤᠨ ᠪᠠᠶᠢᠷᠢ ᠶᠢ ᠲᠣᠭᠲᠠᠭᠠᠬᠤ ᠳᠠᠭᠠᠨ ᠴᠢᠳᠠᠮᠠᠭᠠᠶ ᠪᠠᠶᠢᠵᠤ᠂ ᠲᠤᠭ᠎ᠠ ᠪᠦᠷᠢᠳᠬᠡᠯ ᠤᠨ ᠠᠵᠢᠯ ᠢ ᠪᠥᠬᠦ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠦᠢᠯᠡᠴᠢᠯᠡᠭᠦᠯᠦᠨ᠎ᠡ︔ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠬᠢᠨᠠᠯᠲᠠ᠂ ᠭᠠᠶᠢᠯᠢ ᠶᠢᠨ ᠶᠠᠪᠤᠳᠠᠯ ᠵᠡᠷᠭᠡ ᠡᠯ᠎ᠡ ᠥᠷᠲᠡᠭᠡ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠥᠷᠭᠡᠳᠬᠡᠵᠦ᠂ ᠭᠠᠳᠠᠨᠠᠬᠢ ᠡᠬᠢ ᠪᠠᠶᠠᠯᠢᠭ ᠤᠨ ᠲᠤᠭ᠎ᠠ ᠪᠠᠷᠢᠮᠲᠠ ᠶᠢ ᠰᠠᠶᠢᠲᠤᠷ ᠬᠤᠷᠠᠮᠳᠤᠭᠤᠯᠤᠨ᠂ ︽ᠳᠥᠷᠪᠡ ᠶᠢ ᠳᠣᠷᠣᠭᠰᠢ ᠪᠠᠭᠤᠯᠭᠠᠬᠤ︾ ᠨᠢᠭᠡᠴᠢ ᠵᠢᠴᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠡᠭᠦᠷᠭᠡ ᠶᠢ ᠰᠠᠶᠢᠲᠤᠷ ᠬᠢᠵᠦ᠂ ᠰᠢᠨ᠎ᠡ ᠠᠵᠢᠯ᠂ ᠰᠢᠨ᠎ᠡ ᠡᠭᠦᠷᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠨ᠎ᠡ︔ ᠠᠵᠢᠯ ᠤᠨ ᠡᠪᠡᠷᠰᠢᠶᠡᠯ᠂ ᠬᠦᠴᠢᠷᠳᠡᠯ᠂ ᠲᠦᠭᠵᠢᠷᠡᠯ ᠢ ᠣᠨᠣᠪᠴᠢᠲᠠᠶ ᠡᠷᠢᠵᠦ᠂ ᠬᠠᠨᠳᠤᠯᠭᠠᠲᠤ ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭᠠᠴᠠᠬᠤ ᠠᠷᠭ᠎ᠠ ᠶᠢ ᠳᠤᠷᠠᠳᠤᠨ ᠭᠠᠷᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠬᠤ ᠳᠤ ᠵᠦᠶ ᠵᠣᠬᠢᠰᠲᠠᠶ ︽ᠰᠠᠶᠢᠨ ᠵᠣᠷ︾ ᠪᠤᠯᠭᠠᠨ᠎ᠠ᠃      ︵ᠬᠤᠶᠠᠷ︶ ᠬᠦᠴᠦᠨ ᠢᠶᠠᠨ ᠲᠥᠪᠯᠡᠷᠡᠭᠦᠯᠦᠨ ᠲᠤᠭ᠎ᠠ ᠪᠠᠷᠢᠮᠲᠠ ᠶᠢᠨ ᠭᠤᠣᠯᠳᠠᠯᠭ᠎ᠠ ᠶᠢ ᠠᠳᠬᠤᠵᠤ᠂ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ       ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠲᠤᠭ᠎ᠠ ᠪᠦᠷᠢᠳᠬᠡᠯ ᠤᠨ ᠠᠵᠢᠯ ᠤᠨ ᠠᠮᠢᠨ ᠰᠤᠳᠠᠰᠤ ᠮᠥᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠭ᠎ᠠ ᠪᠦᠷᠢᠳᠬᠡᠯ ᠤᠨ ᠠᠵᠢᠯ ᠤᠨ ᠲᠡᠷᠢᠭᠦᠨ ᠴᠢᠬᠤᠯᠠ ᠡᠭᠦᠷᠭᠡ  ᠪᠤᠯᠭᠠᠨ᠎ᠠ᠃ ᠨᠢᠭᠡ ᠳᠤ ᠬᠦᠷᠢᠶᠡᠯᠡᠩ ᠲᠣᠭᠤᠷᠢᠭ ᠪᠠ ᠵᠡᠭᠡᠯᠢ ᠭᠤᠳᠤᠮᠵᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠦᠷᠢᠶᠡᠯᠡᠩ ᠲᠣᠭᠤᠷᠢᠭ ᠤᠨ ︽ᠭᠤᠷᠪᠠ ᠶᠢ ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ︽ᠨᠠᠢᠮᠠ ᠶᠢ ᠨᠠᠢᠮᠠᠵᠢᠭᠤᠯᠬᠤ︾ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠠᠵᠢᠯ ᠢ ᠦᠷᠭᠦᠯᠵᠢᠯᠡᠨ ᠪᠠᠬᠢᠵᠢᠭᠦᠯᠵᠦ᠂ ᠬᠦᠷᠢᠶᠡᠯᠡᠩ ᠲᠣᠭᠤᠷᠢᠭ ᠪᠠ ᠵᠡᠭᠡᠯᠢ ᠪᠠᠯᠭᠠᠰᠤ ᠶᠢᠨ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠷᠢᠮᠵᠢᠶ᠎ᠠ ᠳᠤ ᠬᠦᠷᠦᠭᠦᠯᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ︔ ᠬᠤᠶᠠᠷ ᠲᠤ 2025 ᠣᠨ ᠤ 1%᠎ ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠪᠠ ᠳᠡᠭᠡᠷ᠎ᠡ᠂ ᠳᠣᠤᠷ᠎ᠠ ᠬᠠᠭᠠᠰ ᠵᠢᠯ ᠤᠨ ᠬᠥᠮᠦᠨ ᠠᠮᠠ ᠶᠢᠨ ᠮᠥᠷᠳᠡᠨ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠲᠤᠭᠤᠷᠢᠭ ᠤᠨ ᠠᠵᠢᠯ ᠤᠨ ᠲᠣᠬᠢᠷᠠᠭᠤᠯᠤᠯᠲᠠ ᠶᠢ ᠰᠠᠯᠤᠯ ᠥᠬᠡᠶ ᠳᠠᠭᠠᠵᠤ᠂ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠ ᠳᠤ᠂ ︽ᠳᠥᠷᠪᠡ ᠶᠢ ᠳᠣᠷᠣᠭᠰᠢ ᠪᠠᠭᠤᠯᠭᠠᠬᠤ︾ ᠨᠢᠭᠡᠴᠢ ᠶᠢᠨ ᠬᠢᠨᠠᠨ ᠬᠡᠮᠵᠢᠬᠦ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠵᠢᠯᠣᠭᠤᠳᠣᠯᠭ᠎ᠠ ᠶᠢ ᠴᠢᠩᠭᠠᠳᠬᠠᠵᠤ᠂ ᠪᠥᠬᠦ ᠶᠠᠪᠤᠴᠠ ᠶᠢᠨ ᠦᠢᠯᠡᠴᠢᠯᠡᠭᠡᠨ ᠤ ᠵᠢᠯᠣᠭᠤᠳᠣᠯᠭ᠎ᠠ ᠪᠠᠷ ᠳᠠᠮᠵᠢᠭᠤᠯᠤᠨ᠂ ︽ᠳᠥᠷᠪᠡ ᠶᠢ ᠳᠣᠷᠣᠭᠰᠢ ᠪᠠᠭᠤᠯᠭᠠᠬᠤ︾ ᠨᠢᠭᠡᠴᠢ ᠶᠢᠨ ᠬᠠᠮᠵᠢᠯᠴᠠᠬᠤ ᠬᠡᠮᠵᠢᠶ᠎ᠡ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠵᠢᠷᠤᠮᠵᠢᠭᠤᠯᠵᠤ᠂ ᠮᠡᠳᠡᠭᠦᠯᠬᠦ ᠶᠣᠰᠣᠲᠠᠶ ᠶᠢ ᠨᠢ ᠴᠥᠮ ᠮᠡᠳᠡᠭᠦᠯᠵᠦ᠂ ᠲᠤᠭ᠎ᠠ ᠪᠠᠷᠢᠮᠲᠠ ᠶᠢ ᠯᠠᠪᠳᠠᠭᠤᠨ ᠪᠠᠲᠤᠲᠠᠶ ᠪᠥᠭᠡᠳ ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠬᠦᠴᠦ ᠪᠠᠨ ᠲᠥᠪᠯᠡᠷᠡᠭᠦᠯᠦᠨ ᠦᠢᠯᠡᠴᠢᠯᠡᠭᠡᠨ ᠤ ᠭᠤᠣᠯᠳᠠᠯᠭ᠎ᠠ ᠶᠢ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠰᠠᠭᠤᠷᠢ ᠠᠵᠢᠯ ᠤᠨ ᠰᠠᠭᠤᠷᠢ ᠶᠢ ᠪᠠᠲᠤ ᠴᠣᠭᠴᠠᠯᠠᠨ᠎ᠠ      ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠥᠭᠵᠢᠯᠲᠡ ᠶᠢᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠨᠢᠭᠡ ᠳᠤ᠂ ᠨᠡᠷᠡᠰ ᠤᠨ ᠬᠥᠮᠥᠷᠭᠡ ᠶᠢ ᠰᠠᠶᠢᠲᠤᠷ ᠬᠠᠮᠠᠭᠠᠯᠠᠨ ᠬᠡᠷᠡᠭᠯᠡᠵᠦ᠂ ︽ᠲᠠᠪᠤᠨ ᠠᠵᠤ ᠠᠬᠤᠶ ᠶᠢ ᠲᠦᠭᠡᠮᠡᠯᠵᠢᠭᠦᠯᠬᠦ︾᠎ ᠪᠠᠷ ᠣᠯᠤᠭᠰᠠᠨ ᠨᠢᠭᠡᠴᠢ ᠶᠢᠨ ᠰᠠᠭᠤᠷᠢ ᠮᠡᠳᠡᠭᠡ ᠵᠠᠩᠭᠢ ᠶᠢ ᠭᠦᠢᠴᠡᠳ ᠠᠰᠢᠭᠯᠠᠨ᠂ ᠪᠠᠷᠢᠯᠭ᠎ᠠ ᠶᠢ ᠰᠢᠨᠡᠳᠬᠡᠬᠦ ᠪᠠ ᠡᠳᠦᠷ ᠲᠤᠲᠤᠮ ᠤᠨ ᠰᠢᠨ᠎ᠡ ᠪᠠᠷ ᠳᠡᠯᠭᠡᠷᠡᠭᠦᠯᠬᠦ ᠨᠢᠭᠡᠴᠢ ᠶᠢᠨ ᠬᠢᠨᠠᠨ ᠬᠠᠷᠭᠤᠭᠤᠯᠬᠤ ᠠᠵᠢᠯ ᠢ ᠰᠠᠶᠢᠲᠤᠷ ᠥᠷᠨᠢᠭᠦᠯᠵᠦ᠂ ᠨᠡᠷᠡᠰ ᠤᠨ ᠬᠥᠮᠥᠷᠭᠡ ᠶᠢ ᠬᠥᠳᠡᠯᠦᠩᠭᠦᠶ ᠪᠠᠷ ᠰᠢᠨᠡᠳᠬᠡᠨ ᠰᠠᠶᠢᠲᠤᠷ ᠬᠠᠮᠠᠭᠠᠯᠠᠵᠤ᠂ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠤᠪᠢᠷᠠᠯᠲᠠ ᠪᠠ ᠡᠵᠡᠩᠨᠡᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠨ᠎ᠡ᠃ ᠡᠭᠦᠨ ᠤ ᠬᠠᠮᠲᠤ᠂ ᠲᠣᠰᠬᠤᠨ ᠤ ᠱᠠᠲᠤᠨ ᠤ ᠨᠢᠭᠡᠴᠢ ᠶᠢᠨ ᠡᠳᠦᠷ ᠲᠤᠲᠤᠮ ᠤᠨ ᠬᠥᠮᠦᠨ ᠠᠮᠠ ᠶᠢᠨ ᠮᠡᠳᠡᠭᠡ ᠵᠠᠩᠭᠢ ᠶᠢ ᠲᠥᠰᠦᠭᠡᠯᠡᠨ ᠪᠤᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠪᠠᠶᠢᠩᠭᠤ ᠰᠠᠭᠤᠭ᠎ᠠ ᠬᠥᠮᠦᠨ ᠠᠮᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠡᠵᠡᠮᠰᠢᠵᠦ᠂ ᠣᠷᠣᠨ ᠪᠦᠰᠡ ᠶᠢᠨ ᠬᠥᠭᠵᠢᠯᠲᠡ ᠳᠤ ᠨᠠᠷᠢᠯᠢᠭ ᠤᠨᠤᠪᠴᠢᠲᠠᠢ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠨ᠎ᠠ︔ ᠬᠤᠶᠠᠷ ᠲᠤ ︽ᠬᠤᠶᠠᠷ ᠰᠢᠨ᠎ᠡ︾᠎ ᠶᠢ ᠤᠶᠢᠯᠠᠭᠠᠨ ᠵᠢᠭᠰᠠᠭᠠᠵᠤ ᠳᠡᠭᠡᠭᠰᠢ ᠮᠡᠳᠡᠭᠦᠯᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠥᠷᠨᠢᠭᠦᠯᠵᠦ᠂ ᠭᠠᠶᠢᠯᠢ ᠶᠢᠨ ᠶᠠᠪᠤᠳᠠᠯ ᠤᠨ ᠭᠠᠵᠠᠷ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠤᠨ ᠦᠷᠳᠡᠭᠡ ᠴᠡᠭ ᠲᠠᠢ ᠬᠤᠯᠪᠣᠭᠠᠯᠠᠨ ᠰᠤᠷᠪᠤᠯᠵᠢᠯᠠᠬᠤ ᠶᠢ ᠴᠢᠩᠭᠠᠳᠬᠠᠵᠤ᠂ ᠠᠵᠤ ᠠᠬᠤᠶᠢᠯᠠᠯ᠂ ᠲᠦᠷᠦᠯ ᠵᠦᠢᠯ ᠤᠨ ᠰᠢᠨᠡᠴᠢᠯᠡᠯᠲᠡ ᠶᠢᠨ ᠪᠠᠶᠢᠳᠠᠯ ᠢ ᠤᠶᠢᠯᠭᠠᠨ᠎ᠠ᠃ ᠡᠭᠦᠨ ᠤ ᠬᠠᠮᠲᠤ᠂ ᠬᠠᠷᠢᠶ᠎ᠠ ᠣᠷᠣᠨ ᠤ ᠰᠢᠨ᠎ᠡ ᠠᠵᠤ ᠠᠬᠤᠶᠢᠯᠠᠯ ᠰᠢᠨ᠎ᠡ ᠲᠥᠷᠥᠯ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠤᠶᠢᠯᠠᠭᠠᠨ ᠵᠢᠭᠰᠠᠭᠠᠵᠤ᠂ ᠠᠵᠤ ᠠᠬᠤᠶᠢᠯᠠᠯ ᠤᠨ  ᠦᠢᠯᠡᠴᠢᠯᠡᠭᠡ ᠶᠢ ᠪᠤᠶᠢᠵᠢᠭᠤᠯᠬᠤ ᠶᠢ ᠥᠷᠭᠡᠳᠬᠡᠨ᠂ ᠦᠢᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠣᠷᠣᠨ ᠪᠦᠰᠡ ᠶᠢᠨ ᠴᠢᠨᠠᠷ ᠰᠠᠶᠢᠲᠠᠶ ᠰᠢᠨ᠎ᠡ ᠠᠵᠤ ᠠᠬᠤᠶᠢᠯᠠᠯ᠂ ᠰᠢᠨ᠎ᠡ ᠲᠥᠷᠥᠯ ᠵᠦᠢᠯ ᠢ ᠴᠠᠭ ᠲᠤᠬᠠᠶ ᠳᠤᠨᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ︔ ᠭᠤᠷᠪᠠ ᠳᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠬᠠᠮᠵᠢᠯᠴᠠᠨ ᠰᠠᠶᠢᠲᠤᠷ ᠠᠬᠢᠭᠤᠯᠵᠤ᠂ ︽ᠲᠤᠭ᠎ᠠ ᠪᠦᠷᠢᠳᠬᠡᠯ ᠤᠨ ᠨᠡᠭᠡᠭᠡᠯᠲᠡᠲᠦ ᠡᠳᠦᠷ︾᠂ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠵᠡᠷᠭᠡ ᠲᠤᠭ᠎ᠠ ᠪᠦᠷᠢᠳᠬᠡᠯ ᠤᠨ ᠠᠵᠢᠯ ᠤᠨ ᠵᠠᠩᠭᠢᠯᠠᠭ᠎ᠠ ᠶᠢᠨ ᠴᠡᠭ ᠢ ᠠᠰᠢᠭᠯᠠᠨ᠂ ᠳᠡᠰ ᠬᠤᠪᠢᠶᠠᠬᠤ᠂ ᠬᠤᠯᠪᠣᠭᠠᠯᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠲᠥᠷᠥᠯ ᠤᠨ ᠰᠦᠯᠵᠢᠶᠡᠨ ᠭᠠᠳᠠᠨᠠᠬᠢ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠤᠬᠠᠭᠤᠯᠭ᠎ᠠ ᠶᠢ ᠥᠷᠨᠢᠭᠦᠯᠵᠦ᠂ ᠲᠤᠭ᠎ᠠ ᠪᠦᠷᠢᠳᠬᠡᠯ ᠢ ᠣᠶᠢᠯᠠᠭᠠᠬᠤ᠂ ᠲᠤᠭ᠎ᠠ ᠪᠦᠷᠢᠳᠬᠡᠯ ᠢ ᠳᠡᠮᠵᠢᠬᠦ ᠪᠠ ᠬᠠᠤᠯᠢ ᠶᠣᠰᠣᠭᠠᠷ ᠪᠦᠷᠢᠳᠬᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃     
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号