ᠴᠢᠩᠱᠠᠨ ᠲᠣᠭᠤᠷᠢᠭ ᠤᠨ ᠨᠢᠭᠡᠳᠦᠭᠡᠷ ᠤᠯᠠᠷᠢᠯ ᠤᠨ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠶᠢᠨ ᠨᠤᠷᠮ᠎ᠠ 76.4%᠎ ᠳᠤ ᠬᠦᠷᠴᠡᠢ
ᠨᠡᠶᠢᠲᠡᠯᠡᠭᠰᠡᠨ ᠴᠠᠭ᠄
2025/4/25
      ᠡᠨᠡ ᠵᠢᠯ ᠠᠴᠠ ᠡᠬᠢᠯᠡᠵᠦ᠂ ᠴᠢᠩᠱᠠᠨ ᠲᠣᠭᠤᠷᠢᠭ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠷᠠᠳ ᠤᠨ ᠠᠵᠤ ᠠᠬᠤᠶ ᠲᠣᠭᠲᠠᠭᠤᠨ ᠪᠠᠶᠢᠵᠤ᠂ ᠰᠠᠶᠢᠨ ᠡᠬᠢᠯᠡᠯᠲᠡ ᠲᠠᠢ ᠪᠣᠯᠵᠤ᠂ ᠴᠢᠨᠠᠷ ᠰᠠᠶᠢᠲᠠᠶ ᠬᠥᠭᠵᠢᠯᠲᠡ ᠰᠢᠨ᠎ᠡ ᠰᠠᠶᠢᠵᠢᠷᠠᠯᠲᠠ ᠲᠠᠢ ᠪᠣᠯᠪᠠ᠃ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 209.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠪᠡ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ 14.8%᠎ ᠪᠠᠷ ᠨᠡᠮᠡᠭᠳᠡᠵᠦ᠂ GDP᠎ ᠶᠢᠨ ᠨᠡᠮᠡᠭᠳᠡᠯ ᠤᠨ ᠬᠤᠷᠳᠤᠴᠠ ᠠᠴᠠ 7.7 ᠵᠠᠭᠤᠨ ᠤ ᠴᠡᠭ ᠥᠨᠳᠥᠷ ᠪᠣᠯᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ 2.6%᠎ ᠪᠠᠷ ᠨᠡᠮᠡᠭᠳᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠠᠬᠢ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 76.4%᠎ ᠲᠤ ᠬᠦᠷᠴᠦ᠂ ᠠᠵᠤ ᠠᠬᠤᠶ ᠶᠢᠨ ᠨᠡᠮᠡᠭᠳᠡᠯ ᠢ 5.4 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠬᠤ ᠪᠣᠯ ᠮᠠᠨ ᠤ ᠲᠤᠭᠤᠷᠢᠭ ᠤᠨ ᠠᠵᠤ ᠠᠬᠤᠶ ᠶᠢᠨ ᠨᠡᠮᠡᠭᠳᠡᠯ ᠤᠨ ᠴᠢᠬᠤᠯᠠ ᠲᠤᠯᠭᠠᠭᠤᠷᠢᠯᠠᠯ ᠪᠣᠯᠤᠨ᠎ᠠ᠃ ᠳᠣᠲᠣᠭᠠᠳᠤ ᠪᠦᠲᠦᠴᠡ ᠠᠴᠠ ᠦᠵᠡᠪᠡᠯ᠂ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 73.3 ᠳ᠋ᠥᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 15%᠎ ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 66.9%᠎ ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ 4.8 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠪᠠᠷᠢᠯᠭ᠎ᠠ ᠶᠢᠨ ᠦᠢᠯᠡᠰ ᠲᠦᠷᠭᠡᠨ ᠬᠥᠭᠵᠢᠪᠡ᠃ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 16.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8%᠎ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 10.4 ᠵᠠᠭᠤᠨ ᠤ ᠬᠤᠪᠢ ᠶᠢᠨ ᠴᠡᠭ ᠲᠦᠷᠭᠡᠨ ᠪᠣᠯᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 10.2%᠎ ᠲᠤ ᠬᠦᠷᠴᠦ᠂ ᠠᠵᠤ ᠠᠬᠤᠢ ᠶᠢᠨ ᠨᠡᠮᠡᠭᠳᠡᠯ ᠢ 0.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号