ᠳᠥᠷᠪᠡᠨ ᠭᠠᠵᠠᠷ ᠭᠠᠷ ᠬᠤᠯᠪᠣᠨ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ︽ᠬᠠᠮᠠᠭᠠᠯᠠᠯᠲᠠ ᠶᠢᠨ ᠲᠣᠣᠷ︾᠎ ᠢ ᠬᠠᠮᠲᠤ ᠪᠠᠷ ᠪᠠᠶᠢᠭᠤᠯᠤᠨ᠎ᠠ
ᠨᠡᠶᠢᠲᠡᠯᠡᠭᠰᠡᠨ ᠴᠠᠭ᠄
2025/4/27
      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠶᠢᠨ ᠲᠥᠯᠥᠭᠡ᠂ 4 ᠰᠠᠷ᠎ᠠ ᠶᠢᠨ 24᠎ ᠤ ᠡᠳᠦᠷ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠯᠠᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠠᠯᠤᠰᠯᠠᠨ ᠬᠠᠮᠠᠭᠠᠯᠠᠬᠤ ᠠᠵᠢᠯ ᠤᠨ ᠰᠣᠯᠢᠯᠴᠠᠭ᠎ᠠ ᠵᠢᠴᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ︾᠎ ᠢ ᠡᠷᠭᠢᠯᠡᠪᠡ᠃ ᠣᠷᠣᠨ ᠪᠦᠰᠡ ᠠᠯᠤᠰᠯᠠᠭᠰᠠᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠲᠣᠰ ᠤᠳᠠᠭᠠᠨ ᠤ ᠬᠠᠮᠲᠤᠷᠠᠯᠴᠠᠭ᠎ᠠ ᠨᠢ ︽ᠬᠠᠮᠵᠢᠯᠴᠠᠨ ᠬᠠᠮᠠᠭᠠᠯᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠥᠭᠵᠢᠯᠲᠡ ᠶᠢ ᠬᠠᠮᠲᠤᠪᠠᠷ ᠠᠬᠢᠭᠤᠯᠬᠤ︾᠎ ᠪᠠᠷ ᠭᠤᠤᠯ ᠰᠡᠳᠦᠪ ᠪᠣᠯᠭᠠᠵᠤ᠂ ᠬᠠᠤᠯᠢ ᠶᠣᠰᠣᠭᠠᠷ ᠠᠬᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠪᠠᠷᠢᠮᠵᠢᠶ᠎ᠠ ᠨᠢᠭᠡᠳᠦᠯᠲᠡᠶ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ ᠬᠠᠮᠲᠤᠷᠠᠯᠴᠠᠭ᠎ᠠ ᠶᠢ ᠴᠢᠩᠭ᠎ᠠ ᠵᠢᠷᠤᠮᠯᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠨ᠎ᠠ᠃ ᠪᠣᠳᠠᠲᠠᠢ ᠬᠠᠮᠲᠤᠷᠠᠯᠴᠠᠭᠠᠨ ᠤ ᠠᠭᠤᠯᠭ᠎ᠠ ᠶᠢᠨ ᠲᠠᠯ᠎ᠠ ᠪᠠᠷ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠠᠮᠵᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠡᠷᠬᠡ ᠳᠤ ᠬᠠᠯᠳᠠᠭᠰᠠᠨ ᠰᠦᠪᠡᠭᠴᠢ᠂ ᠬᠡᠷᠡᠭ ᠤᠨ ᠠᠬᠢᠴᠠ ᠵᠡᠷᠭᠡ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠵᠠᠢ︔ ᠣᠷᠣᠨ ᠪᠦᠰᠡ ᠠᠯᠤᠰᠯᠠᠭᠰᠠᠨ᠂ ᠡᠷᠬᠡ ᠳᠤ ᠬᠠᠯᠳᠠᠭᠰᠠᠨ ᠬᠡᠪᠴᠢᠶᠡᠵᠢᠭᠰᠡᠨ ᠠᠵᠢᠯᠯᠠᠭ᠎ᠠ ᠳᠤ ᠴᠢᠭᠯᠡᠭᠦᠯᠦᠨ ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠬᠠᠷᠢᠯᠴᠠᠨ ᠬᠠᠮᠵᠢᠯᠴᠠᠵᠤ ᠣᠨᠳᠣᠣ ᠭᠠᠵᠠᠷ ᠲᠤ ᠬᠠᠤᠯᠢ ᠬᠡᠷᠡᠭᠵᠢᠭᠦᠯᠦᠨ᠎ᠡ︔ ᠬᠡᠷᠡᠭ ᠢ ᠰᠢᠯᠵᠢᠭᠦᠯᠦᠨ ᠬᠦᠷᠭᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠢ ᠨᠢᠭᠡᠳᠦᠯᠲᠡᠢ ᠵᠠᠷᠯᠠᠨ ᠨᠡᠶᠢᠲᠡᠯᠡᠨ᠎ᠡ︔ ᠡᠷᠬᠡᠲᠦ ᠬᠥᠮᠥᠨ ᠤ ᠣᠷᠣᠨ ᠪᠦᠰᠡ ᠠᠯᠤᠰᠯᠠᠨ ᠡᠷᠬᠡ ᠪᠠᠨ ᠬᠠᠮᠠᠭᠠᠯᠠᠬᠤ ᠳᠤ ᠳᠡᠮᠵᠢᠯᠭᠡ ᠬᠠᠩᠭᠠᠵᠤ᠂ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠬᠢᠬᠦ ᠵᠡᠷᠭᠡ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠬᠢᠭᠡᠳ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠠᠮᠲᠤᠷᠠᠯᠴᠠᠭ᠎ᠠ ᠶᠢ ᠤᠷᠤᠭᠰᠢᠲᠠᠶ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠳᠥᠷᠪᠡᠨ ᠭᠠᠵᠠᠷ ᠤᠨ ᠬᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠴᠢᠬᠤᠯᠠ ᠶᠡᠭᠡ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠵᠦ᠂ ᠬᠤᠯᠪᠣᠭᠠᠴᠢᠨ ᠤ ᠡᠳᠦᠷ ᠲᠤᠲᠤᠮ ᠤᠨ ᠨᠡᠪᠲᠡᠷᠡᠯᠴᠡᠭᠡ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠡᠷᠬᠡ ᠳᠤ ᠬᠠᠯᠳᠠᠭᠰᠠᠨ ᠬᠦᠨᠳᠦ ᠶᠡᠭᠡ ᠬᠡᠷᠡᠭ ᠢ 24 ᠴᠠᠭ ᠤᠨ ᠳᠣᠲᠣᠷ᠎ᠠ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠡᠬᠢᠯᠡᠭᠦᠯᠬᠦ ᠶᠢ ᠦᠨᠡᠨ ᠬᠦ ᠪᠠᠲᠤᠯᠠᠪᠠ︔ ᠲᠤᠭ᠎ᠠ ᠪᠠᠷᠢᠮᠲᠠ ᠶᠢᠨ ᠠᠮᠤᠷ ᠲᠦᠪᠰᠢᠨ ᠬᠢᠭᠡᠳ ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃      ᠲᠣᠰ ᠤᠳᠠᠭ᠎ᠠ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠶᠠᠪᠤᠳᠠᠯ ᠪᠣᠯ ᠳᠥᠷᠪᠡᠨ ᠭᠠᠵᠠᠷ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠬᠤ ᠬᠦᠷᠢᠶᠡᠨ ᠳᠤ ᠳᠥᠷᠪᠡᠨ ᠭᠠᠵᠠᠷ ᠤᠨ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ ᠲᠦᠷᠪᠡᠨ ᠭᠠᠵᠠᠷ ᠤᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠬᠤ ᠪᠣᠯᠤᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号