1— 3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ︵ᠰᠦᠯᠵᠢᠶᠡᠨ ᠤ ᠰᠢᠭᠤᠳ ᠴᠠᠬᠢᠯᠭᠠᠨ ᠬᠠᠩᠭᠠᠬᠤ ᠪᠠᠭᠲᠠᠨ᠎ᠠ︶ ᠶᠢᠨ ᠠᠵᠤ ᠠᠬᠤᠶᠢᠯᠠᠯ ᠤᠨ | ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ 1— 2 ᠳ᠋ᠤᠭᠠᠷ | ᠰᠠᠷ᠎ᠠ ᠶᠢᠨ ᠬᠢ ᠠᠴᠠ 5.1 ᠵᠠᠭᠤᠨ ᠤ ᠴᠡᠭ ᠪᠠᠭᠠᠰᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.6 | ᠵᠠᠭᠤᠨ ᠤ ᠴᠡᠭ ᠲᠦᠷᠭᠡᠳᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 8.1 ᠵᠠᠭᠤᠨ ᠤ ᠴᠡᠭ ᠪᠠᠭᠤᠷᠠᠵᠤ᠂ ᠡᠨᠡ ᠵᠢᠯ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠦᠷᠭᠦᠯᠵᠢᠯᠡᠨ | ᠪᠡᠶᠡᠯᠡᠭᠦᠯᠵᠦ᠂ ᠲᠣᠰ ᠲᠣᠰ ᠤᠯᠤᠰ ︵6.5%︶᠂ ᠥᠪᠡᠷᠲᠡᠭᠡᠨ ᠵᠠᠰᠠᠬᠤ ᠣᠷᠣᠨ ︵7%︶᠂ ᠪᠥᠬᠦ ᠬᠤᠲᠠ ︵13%︶ | ᠠᠴᠠ 7.1᠂ 6.6᠂ 0.6 ᠵᠠᠭᠤᠨ ᠤ ᠴᠡᠭ ᠥᠨᠳᠥᠷ ᠪᠣᠯᠪᠠ᠃ | ᠠᠵᠢᠯ ᠲᠥᠷᠥᠯ ᠤᠨ ᠦᠢᠯᠡᠳᠬᠦᠨ ᠤ ᠥᠷᠲᠡᠭ ᠠᠴᠠ ᠦᠵᠡᠪᠡᠯ᠂ 10 ᠠᠵᠢᠯ ᠲᠥᠷᠥᠯ ᠨᠡᠮᠡᠭᠳᠡᠬᠦ | ᠪᠠᠶᠢᠳᠠᠯ ᠲᠠᠢ ᠪᠠᠶᠢᠨ᠎ᠠ᠃ ᠡᠭᠦᠨ ᠳᠤ᠄ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠢᠯᠡᠰ ᠴᠢᠩᠱᠠᠨ | ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶᠡᠨ ᠤ ᠰᠢᠭᠤᠳ ᠴᠠᠬᠢᠯᠭᠠᠨ | ᠬᠠᠩᠭᠠᠬᠤ ᠪᠠᠭᠲᠠᠨ᠎ᠠ︶ ᠳᠤ ᠬᠥᠳᠡᠯᠭᠡᠬᠦ ᠬᠦᠴᠦᠨ ᠢᠶᠠᠷ ᠬᠠᠮᠤᠭ ᠤᠨ ᠴᠢᠩᠭ᠎ᠠ᠂ ᠦᠢᠯᠡᠳᠬᠦᠨ ᠤ ᠥᠷᠲᠡᠭ ᠢ ᠠᠳᠠᠯᠢ | ᠬᠤᠭᠤᠴᠠᠭᠠᠨ ᠤ ᠬᠢ ᠠᠴᠠ 35.7% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠢ 8 ᠵᠠᠭᠤᠨ ᠤ ᠨᠢᠭᠡᠴᠢ ᠳᠠᠶᠢᠴᠢᠯᠠᠪᠠ︔ ᠡᠭᠦᠨ ᠠᠴᠠ ᠭᠠᠳᠠᠨ᠎ᠠ᠂ ᠬᠠᠷ᠎ᠠ ᠲᠡᠮᠦᠷᠯᠢᠭ | ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠪᠠ | ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠲᠣᠰ ᠲᠣᠰ ᠠᠳᠠᠯᠢ ᠬᠤᠭᠤᠴᠠᠭᠠᠨ ᠤ ᠬᠢ ᠠᠴᠠ 4.8 ᠳᠠᠬᠢᠨ | ᠨᠡᠮᠡᠭᠳᠡᠵᠦ᠂ 24.9 ᠳᠠᠬᠢᠨ ᠨᠡᠮᠡᠭᠳᠡᠪᠡ᠃ | ᠦᠢᠯᠡᠳᠬᠦᠨ ᠤ ᠭᠠᠷᠤᠯᠲᠠ ᠠᠴᠠ ᠦᠵᠡᠪᠡᠯ᠂ ᠴᠠᠭᠠᠨ ᠢᠳᠡᠭᠡ ᠶᠢ ᠭᠠᠷᠭᠠᠪᠠᠯ ᠪᠤᠰᠤᠳ ᠭᠤᠤᠯ ᠪᠣᠯᠬᠤ ᠠᠵᠤ | ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠳᠡᠭᠡᠷ᠎ᠡ ᠵᠢᠯ ᠤᠨ ᠬᠢ ᠲᠠᠢ ᠬᠠᠷᠢᠴᠠᠭᠤᠯᠪᠠᠯ ᠴᠥᠮ ᠨᠡᠮᠡᠭᠳᠡᠯ ᠲᠠᠢ | ᠪᠠᠶᠢᠵᠤ᠂ ᠡᠭᠦᠨ ᠳᠤ᠄ ᠬᠠᠮᠤᠭ ᠤᠨ ᠲᠦᠷᠭᠡᠨ ᠨᠡᠮᠡᠭᠳᠡᠭᠰᠡᠨ ᠦᠢᠯᠡᠳᠬᠦᠨ ᠨᠢ ᠵᠡᠰ ᠮᠠᠲ᠋ᠧᠷᠢᠶᠠᠯ ᠪᠠᠶᠢᠵᠤ᠂ ᠭᠠᠷᠤᠯᠲᠠ ᠨᠢ | ᠠᠳᠠᠯᠢ ᠬᠤᠭᠤᠴᠠᠭᠠᠨ ᠤ ᠬᠢ ᠠᠴᠠ 24.8 ᠳᠠᠬᠢᠨ ᠨᠡᠮᠡᠭᠳᠡᠪᠡ᠃ | | | | | | | |