ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/28
      4 ᠰᠠᠷ᠎ᠠ ᠶᠢᠨ 27᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠠᠤᠯᠢ ᠪᠠᠷ  ᠲᠤᠭᠤᠷᠢᠭ ᠢᠶᠠᠨ ᠵᠠᠰᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ‌‍ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ 4 ᠰᠠᠷ᠎ᠠ ᠶᠢᠨ 25᠎ ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷ᠎ᠡ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠬᠡᠯᠪᠡᠷᠢ ᠶᠢᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠲᠦᠷᠭᠡᠨ ᠲᠥᠪᠯᠡᠷᠡᠯ ᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠶᠢ ᠲᠦᠷᠭᠡᠳᠬᠡᠨ ᠠᠬᠢᠭᠤᠯᠵᠤ᠂ ᠠᠰᠠᠭᠤᠳᠠᠯ ᠢ ᠠᠯᠢ ᠲᠦᠷᠭᠡᠨ ᠢᠶᠠᠷ ᠪᠣᠳᠠᠲᠠᠶ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠶ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ︔ ᠨᠢᠭᠡᠨᠲᠡ ᠳ᠋ᠤᠭᠠᠷ ᠬᠠᠰᠤᠭᠰᠠᠨ ᠠᠰᠠᠭᠤᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠳᠠᠭᠠᠤ ᠵᠥᠷᠢᠴᠡᠬᠦ ᠶᠢ ᠡᠷᠡᠰ ᠬᠤᠷᠢᠭᠯᠠᠬᠤ ᠬᠡᠷᠡᠭᠲᠡᠶ᠃ ︽5.1︾᠎ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠲᠣᠭᠤᠷᠢᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢ ᠰᠤᠳᠤᠯᠤᠨ ᠬᠢᠨᠠᠨ ᠵᠥᠪᠯᠡᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠬᠦᠯᠢᠶᠡᠨ ᠠᠪᠴᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠨᠴᠠᠯᠢᠭ ᠲᠠᠢ ᠬᠢᠯᠠᠰ ᠴᠡᠭ ᠤᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠱᠠᠯᠠᠪᠳᠠᠭᠤᠯᠤᠨ ᠭᠦᠢᠴᠡᠳᠬᠡᠵᠦ᠂ ᠨᠡᠩ ᠥᠨᠳᠥᠷ ᠠᠵᠢᠯ ᠤᠨ ᠪᠠᠷᠢᠮᠵᠢᠶ᠎ᠠ᠂ ᠨᠡᠩ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ︽︿ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ﹀ ᠪᠠᠶᠢᠩᠭᠤᠵᠢᠭᠰᠠᠨ ᠤᠯᠠᠨ ᠲᠦᠮᠡᠨ ᠤ ᠰᠤᠷᠭᠠᠨ ᠬᠥᠮᠦᠵᠢᠯ ᠤᠨ ᠠᠵᠢᠯ ᠤᠨ ᠲᠥᠰᠦᠯ︾᠎ ᠢ ᠰᠤᠳᠤᠯᠤᠨ ᠬᠢᠨᠠᠨ ᠵᠥᠪᠯᠡᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠦ᠂ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠶᠢᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠦᠬᠦ ᠲᠤᠭᠤᠷᠢᠭ ᠤᠨ ᠥᠷᠭᠡᠨ ᠤᠯᠠᠨ ᠲᠦᠮᠡᠨ ᠢ ᠬᠦᠳᠦᠯᠦᠨ ᠳᠠᠭᠠᠭᠤᠯᠵᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号