ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠᠵᠢᠭᠰᠠᠨ ᠠᠵᠢᠯᠯᠠᠭᠠᠨ ᠤ ᠦᠷ᠎ᠡ ᠪᠦᠲᠦᠮᠵᠢ ᠶᠢ ᠴᠢᠩᠭᠠᠳᠬᠠᠵᠤ᠂ | ᠴᠢᠩ ᠹᠦ᠋ ᠪᠠᠯᠭᠠᠰᠤᠨ ᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ | ᠶᠡᠷᠦᠩᠬᠡᠶᠢᠯᠡᠨ ᠵᠠᠰᠠᠬᠤ ᠲᠥᠪ ᠤᠨ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶᠠᠨ ᠤ ᠡᠷᠬᠢᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠬᠤᠯᠪᠣᠭ᠎ᠠ ᠠᠪᠬᠤ ᠥᠷᠲᠡᠭᠡ ᠶᠢᠨ ᠳᠠᠷᠤᠭ᠎ᠠ ᠯᠢ ᠸᠧᠶ ᠴᠢ ᠬᠤᠷᠠᠯ ᠢ ᠡᠷᠭᠢᠯᠡᠪᠡ᠃ ᠪᠠᠯᠭᠠᠰᠤᠨ ᠳᠤ | ᠰᠠᠭᠤᠭ᠎ᠠ ᠬᠠᠤᠯᠢ ᠴᠠᠭᠠᠵᠠ ᠶᠢᠨ ᠭᠠᠵᠠᠷ᠂ ᠪᠠᠯᠭᠠᠰᠤᠨ ᠳᠤ ᠰᠠᠭᠤᠭ᠎ᠠ ᠰᠢᠭᠦᠬᠦ ᠲᠢᠩᠬᠢᠮ ᠤᠨ ᠬᠠᠷᠢᠭᠤᠴᠠᠯᠭᠠᠲᠠᠨ᠂ | ᠬᠦᠴᠦᠷᠬᠡᠭᠵᠢᠯ ᠲᠣᠮᠢᠯᠠᠭᠰᠠᠨ ᠰᠠᠯᠪᠤᠷᠢ᠂ ᠴᠢᠩ ᠹᠦ᠋ ᠲᠣᠮᠢᠯᠠᠭᠰᠠᠨ ᠰᠠᠯᠪᠤᠷᠢ᠂ ᠮᠦᠩᠬᠡᠵᠢᠯ ᠲᠣᠮᠢᠯᠠᠭᠰᠠᠨ | ᠰᠠᠯᠪᠤᠷᠢ ᠶᠢᠨ ᠬᠤᠪᠢᠳᠠᠨ ᠬᠠᠮᠢᠶᠠᠷᠬᠤ ᠭᠠᠵᠠᠷ ᠤᠨ ᠳᠠᠷᠤᠭ᠎ᠠ ᠪᠣᠯᠤᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ | ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠠᠮᠲᠤᠷᠠᠭᠰᠠᠨ ᠬᠤᠷᠠᠯ ᠳᠡᠭᠡᠷ᠎ᠡ᠂ ᠯᠢ ᠸᠧᠶ ᠴᠢ ︽ᠪᠥᠬᠦ ᠬᠤᠲᠠ ᠰᠢᠶᠠᠨ ᠰᠢᠶᠠᠩ ᠬᠤᠶᠠᠷ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ | ᠪᠠᠷᠢᠮᠵᠢᠶ᠎ᠠ ᠳᠤ ᠬᠦᠷᠦᠭᠦᠯᠦᠨ ᠰᠢᠯᠭᠠᠨ ᠠᠪᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠵᠤ᠂ | ᠣᠳᠣᠬᠠᠨ ᠤ ᠶᠡᠷᠦᠩᠬᠡᠶᠢᠯᠡᠨ ᠵᠠᠰᠠᠬᠤ ᠲᠥᠪ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠪᠠ ᠬᠦᠴᠢᠷ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠬᠢᠭᠤᠯᠬᠤ ᠠᠵᠢᠯ ᠤᠨ ᠲᠥᠯᠥᠪᠯᠡᠭᠡ ᠶᠢᠨ | ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠳᠤ ᠣᠷᠣᠯᠴᠠᠭᠰᠠᠳ ᠴᠢᠩ ᠹᠦ᠋ ᠪᠠᠯᠭᠠᠰᠤᠨ ᠤ | ᠣᠶᠢᠷ᠎ᠠ ᠶᠢᠨ ᠬᠤᠭᠤᠴᠠᠭᠠᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠂ | ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ᠂ ᠲᠣᠭᠲᠠᠭᠤᠨ ᠢᠶᠠᠷ ᠡᠵᠡᠮᠳᠡᠬᠦ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠬᠢᠵᠦ᠂ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠪᠠ ᠠᠷᠢᠯᠭᠠᠬᠤ ᠴᠢᠭᠯᠡᠯ ᠢ ᠤᠯᠠᠮ ᠨᠢᠭᠡ | ᠠᠯᠬᠤᠮ ᠲᠣᠳᠣᠷᠬᠠᠶᠢᠯᠠᠪᠠ᠃ ᠵᠥᠷᠢᠴᠡᠯ ᠵᠢᠭᠤᠷᠠᠯᠳᠤᠭᠠᠨ ᠤ ᠬᠡᠷᠡᠭ ᠢ ᠰᠢᠯᠵᠢᠭᠦᠯᠦᠨ ᠲᠤᠰᠢᠶᠠᠬᠤ ᠳᠤ ᠴᠢᠭᠯᠡᠭᠦᠯᠦᠨ᠂ | ᠣᠯᠠᠨ ᠢᠶᠠᠷ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠴᠠᠭᠠᠵᠠ᠂ ᠨᠡᠶᠢᠭᠡᠮ ᠵᠡᠷᠭᠡ ᠣᠯᠠᠨ | ᠲᠠᠯ᠎ᠠ ᠠᠴᠠ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠵᠤ᠂ ᠵᠥᠷᠢᠴᠡᠯ ᠵᠢᠭᠤᠷᠠᠯᠳᠤᠭᠠᠨ ᠢ ᠤᠯᠠᠮ ᠨᠢᠭᠡ ᠠᠯᠬᠤᠮ | ᠠᠷᠢᠯᠭᠠᠬᠤ ᠳᠤ ᠣᠯᠠᠨ ᠡᠰᠢᠵᠢᠭᠰᠡᠨ ᠰᠡᠳᠬᠢᠴᠡ ᠪᠠ ᠰᠠᠨᠠᠭᠤᠯᠭ᠎ᠠ ᠬᠠᠩᠭᠠᠨ᠎ᠠ᠃ | ᠬᠤᠷᠠᠯ ᠠᠴᠠ᠂ ᠶᠡᠷᠦᠩᠬᠡᠶᠢᠯᠡᠨ ᠵᠠᠰᠠᠬᠤ ᠠᠵᠢᠯ ᠳᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠵᠣᠬᠢᠴᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠬᠦ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠵᠡᠷᠭᠡ ᠬᠠᠮᠢᠶ᠎ᠠ ᠪᠦᠬᠦᠢ ᠠᠵᠢᠯ ᠤᠨ ᠳᠤᠮᠳᠠ ᠬᠠᠷᠢᠯᠴᠠᠨ ᠬᠠᠮᠵᠢᠯᠴᠠᠵᠤ᠂ ᠮᠡᠳᠡᠭᠡ ᠵᠠᠩᠭᠢ ᠪᠠᠨ ᠬᠠᠷᠢᠯᠴᠠᠨ | ᠨᠡᠪᠲᠡᠷᠡᠯᠴᠡᠵᠦ᠂ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠵᠦ᠂ ᠬᠠᠮᠤᠭ ᠤᠨ ᠲᠡᠷᠢᠭᠦᠨ ᠳᠤ ᠠᠷᠠᠳ ᠤᠨ ᠰᠠᠨᠠᠭ᠎ᠠ ᠶᠢ | ᠡᠵᠡᠮᠰᠢᠵᠦ᠂ ᠵᠥᠷᠢᠴᠡᠯ ᠵᠢᠭᠤᠷᠠᠯᠳᠤᠭᠠᠨ ᠢ ᠲᠡᠷᠡ ᠳᠠᠷᠤᠶ ᠳᠤᠨᠢ ᠰᠢᠢᠳᠪᠦᠷᠢᠯᠡᠵᠦ᠂ ᠬᠠᠷᠢᠶ᠎ᠠ ᠣᠷᠣᠨ ᠤ ᠰᠠᠭᠤᠭᠠᠯᠢ | ᠠᠷᠠᠳ ᠤᠨ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠶᠡᠷᠦᠩᠬᠡᠶᠢᠯᠡᠨ ᠵᠠᠰᠠᠬᠤ ᠲᠥᠪ ᠨᠢ ᠤᠯᠠᠨ ᠲᠦᠮᠡᠨ ᠳᠤ ᠬᠠᠨᠳᠤᠭᠤᠯᠤᠭᠰᠠᠨ᠂ ᠤᠯᠠᠨ ᠲᠦᠮᠡᠨ ᠳᠤ | ᠦᠢᠯᠡᠴᠢᠯᠡᠬᠦ ᠴᠤᠩᠬᠤᠪᠴᠢ ᠪᠣᠯᠬᠤ ᠪᠠᠷ ᠪᠠᠷᠠᠬᠤ ᠦᠭᠡᠢ ᠪᠠᠰᠠ ᠵᠥᠷᠢᠴᠡᠯ ᠢ ᠨᠠᠮᠳᠠᠭᠤᠯᠵᠤ᠂ ᠠᠮᠤᠷ ᠲᠦᠪᠰᠢᠨ ᠢ | ᠬᠠᠮᠠᠭᠠᠯᠠᠬᠤ ᠡᠮᠦᠨ᠎ᠡ ᠹᠷᠣᠨᠲ ᠪᠣᠯᠤᠨ᠎ᠠ᠃ ᠴᠢᠩ ᠹᠦ᠋ ᠪᠠᠯᠭᠠᠰᠤ ᠡᠨᠡ ᠬᠦ ᠬᠠᠮᠲᠤᠷᠠᠭᠰᠠᠨ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ | ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠶᠡᠷᠦᠩᠬᠡᠶᠢᠯᠡᠨ | ᠵᠠᠰᠠᠬᠤ ᠲᠥᠪ ᠤᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | | | | | | | | |