ᠡᠵᠡᠩᠨᠡᠯᠲᠡ ᠶᠢᠨ ᠣᠷᠣᠯᠭ᠎ᠠ ᠠᠴᠠ ᠦᠵᠡᠪᠡᠯ᠂ 1— 3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶᠡᠨ ᠤ ᠰᠢᠭᠤᠳ ᠮᠡᠳᠡᠭᠦᠯᠦᠯᠲᠡ︶ ᠶᠢᠨ ᠠᠵᠤ | ᠠᠬᠤᠶᠢᠯᠠᠯ ᠡᠵᠡᠩᠨᠡᠯᠲᠡ ᠶᠢᠨ ᠣᠷᠣᠯᠭ᠎ᠠ ᠪᠠᠨ ᠨᠡᠶᠢᠲᠡ 64.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 14.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 3.9 ᠵᠠᠭᠤᠨ ᠤ ᠴᠡᠭ ᠥᠷᠭᠡᠳᠴᠡᠶ᠃ ᠭᠤᠤᠯᠳᠠᠯᠭ᠎ᠠ ᠲᠠᠢ ᠠᠵᠢᠯ ᠲᠥᠷᠥᠯ ᠤᠨ | ᠳᠣᠲᠣᠷ᠎ᠠ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 3315.7% ᠪᠠᠷ ᠨᠡᠮᠡᠭᠳᠡᠪᠡ︔ ᠴᠠᠬᠢᠯᠭᠠᠨ ᠮᠠᠰᠢᠨ ᠪᠠ ᠪᠠᠭᠠᠵᠢ ᠬᠡᠷᠡᠭᠰᠡᠯ ᠦᠢᠯᠡᠳᠬᠦ | ᠦᠢᠯᠡᠰ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠶ ᠶᠢᠨ | ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 33.7% ᠪᠠᠷ ᠪᠠᠭᠤᠷᠠᠪᠠ︔ ᠲᠤᠰᠬᠠᠶ | ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 15.2% ᠪᠠᠷ ᠪᠠᠭᠤᠷᠠᠪᠠ︔ | ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ | ᠬᠤᠭᠤᠴᠠᠭᠠᠨ ᠤ ᠬᠢ ᠠᠴᠠ 7.5% ᠪᠠᠷ ᠪᠠᠭᠤᠷᠠᠪᠠ᠃ | ᠠᠰᠢᠭ ᠬᠤᠨᠵᠢᠪᠣᠷᠢ ᠶᠢᠨ ᠶᠡᠷᠦᠩᠬᠡᠶ ᠲᠣᠭᠠᠨ ᠠᠴᠠ ᠦᠵᠡᠪᠡᠯ᠂ 1— 3 ᠳ᠋ᠤᠭᠠᠷ ᠰᠠᠷ᠎ᠠ ᠳᠤ᠂ ᠴᠢᠩᠱᠠᠨ | ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶ᠎ᠡ ᠬᠤᠯᠪᠣᠨ ᠰᠢᠭᠤᠳ ᠮᠡᠳᠡᠭᠦᠯᠬᠦ︶ | ᠠᠵᠤ ᠠᠬᠤᠶᠢᠯᠠᠯ ᠨᠡᠶᠢᠲᠡ 75 ᠡᠷᠦᠬᠡ᠂ 43 ᠠᠯᠳᠠᠭᠳᠠᠯ ᠲᠠᠢ ᠪᠠᠶᠢᠵᠤ᠂ ᠬᠤᠬᠢᠷᠠᠯ ᠤᠨ ᠬᠡᠪᠴᠢᠶ᠎ᠡ ᠨᠢ 57.3% | ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠠᠯᠳᠠᠭᠳᠠᠯ ᠲᠠᠢ ᠠᠵᠤ ᠠᠬᠤᠶᠢᠯᠠᠯ ᠤᠨ ᠲᠣᠭᠠᠨ ᠠᠴᠠ 3 ᠡᠷᠦᠬᠡ | ᠨᠡᠮᠡᠭᠳᠡᠪᠡ᠃ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ - 0.4 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 85.7% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 82.4 ᠵᠠᠭᠤᠨ ᠤ ᠴᠡᠭ ᠪᠠᠭᠠᠰᠪᠠ᠃ ᠠᠰᠢᠭ ᠬᠤᠨᠵᠢᠪᠣᠷᠢ ᠶᠢᠨ ᠠᠵᠤ ᠠᠬᠤᠶᠢᠯᠠᠯ ᠤᠨ | ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 4.4% ᠪᠠᠷ ᠪᠠᠭᠤᠷᠠᠵᠤ᠂ ᠠᠯᠳᠠᠭᠳᠠᠯ ᠲᠠᠢ ᠠᠵᠤ ᠠᠬᠤᠶᠢᠯᠠᠯ ᠤᠨ ᠨᠡᠶᠢᠲᠡ | ᠠᠯᠳᠠᠭᠳᠠᠯ ᠤᠨ ᠶᠡᠷᠦᠩᠬᠡᠶ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 43.7% ᠪᠠᠷ | ᠪᠠᠭᠤᠷᠠᠵᠤ᠂ ᠠᠵᠤ ᠠᠬᠤᠶᠢᠯᠠᠯ ᠤᠨ ᠦᠷ᠎ᠡ ᠠᠰᠢᠭ ᠨᠢ ᠠᠯᠬᠤᠮ ᠠᠯᠬᠤᠮ ᠢᠶᠠᠷ ᠰᠠᠶᠢᠵᠢᠷᠠᠭᠰᠠᠨ ᠪᠠᠶᠢᠨ᠎ᠠ᠃ | | | | | | | | |