ᠣᠯᠠᠨ ᠲᠦᠮᠡᠨ ᠤ ᠳᠡᠷᠭᠡᠳᠡᠬᠢ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ | ᠦᠨᠡᠨᠬᠦ ᠰᠢᠢᠳᠪᠦᠷᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠥᠨᠳᠥᠷ ᠪᠦᠲᠦᠮᠵᠢᠲᠡᠢ ᠬᠠᠷᠢᠭᠤᠯᠲᠠ | ᠥᠭᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠠᠮᠢ ᠠᠬᠤᠢ ᠶᠢᠨ ᠣᠷᠴᠢᠨ ᠲᠣᠭᠤᠷᠢᠨ ᠤ | ᠬᠦᠷᠢᠶᠡᠨ ᠳᠠᠬᠢ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ︽ᠡᠷᠭᠢᠨ ᠬᠠᠷᠠᠬᠤ︾ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠲᠦᠮᠵᠢᠲᠡᠢ | ᠰᠢᠢᠳᠪᠦᠷᠢᠯᠡᠬᠦ ᠶᠢ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | ᠲᠣᠰ ᠤᠳᠠᠭᠠᠨ ᠤ ︽ᠡᠷᠬᠢᠨ ᠬᠠᠷᠠᠬᠤ︾ ᠠᠵᠢᠯ ᠨᠢ 2024 ᠣᠨ ᠠᠴᠠ ᠣᠲᠣ ᠪᠣᠯᠲᠠᠯᠠᠬᠢ ᠠᠮᠢ | ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠪᠠ ᠳᠠᠯᠳᠠ | ᠬᠡᠮ ᠳᠤ ᠴᠢᠭᠯᠡᠭᠦᠯᠦᠨ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠠᠬᠢᠨ | ᠬᠢᠨᠠᠬᠤ ᠠᠵᠢᠯ ᠢ ᠥᠷᠨᠢᠭᠦᠯᠪᠡ᠃ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ | ᠠᠵᠢᠯᠲᠠᠨ ︽ᠦᠨᠡᠨ ᠠᠴᠠ ᠵᠥᠪ ᠢ ᠡᠷᠢᠬᠦ᠂ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ︾ ᠠᠵᠢᠯ ᠤᠨ ᠵᠠᠷᠴᠢᠮ ᠢ | ᠪᠠᠷᠢᠮᠲᠠᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠰᠠᠨ ᠡᠰᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠨᠢ ᠬᠡᠪ ᠤᠨ ᠶᠣᠰᠣᠭᠠᠷ ᠠᠵᠢᠯᠯᠠᠭᠰᠠᠨ ᠡᠰᠡᠬᠦ᠂ ᠣᠷᠴᠢᠨ ᠲᠣᠭᠤᠷᠢᠨ ᠤ ᠠᠰᠠᠭᠤᠳᠠᠯ ᠲᠠᠬᠢᠨ | ᠡᠭᠦᠰᠦᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠠᠵᠤ | ᠠᠬᠤᠶᠢᠯᠠᠯ ᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠥᠪᠡᠷ ᠢᠶᠠᠨ ᠪᠠᠶᠢᠴᠠᠭᠠᠵᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠲᠠᠬᠢᠨ | ᠡᠭᠦᠰᠬᠦ ᠶᠢ ᠡᠷᠡᠰ ᠰᠡᠷᠭᠡᠶᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠨᠡᠨᠬᠦ ᠪᠠᠬᠢᠵᠢᠭᠦᠯᠬᠦ | ᠬᠡᠷᠡᠭᠲᠡᠢ᠃ ᠳᠠᠬᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠣᠷᠴᠢᠨ ᠲᠣᠭᠤᠷᠢᠨ ᠤ ᠪᠤᠰᠤᠳ ᠠᠰᠠᠭᠤᠳᠠᠯ ᠳᠤ᠂ | ᠬᠠᠤᠯᠢ ᠬᠡᠷᠡᠭᠵᠢᠭᠦᠯᠬᠦ ᠠᠵᠢᠯᠲᠠᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠣᠷᠴᠢᠨ ᠲᠣᠭᠤᠷᠢᠨ ᠤ ᠠᠰᠠᠭᠤᠳᠠᠯ ᠡᠭᠦᠰᠬᠦ ᠶᠢ ᠴᠢᠩᠭ᠎ᠠ | ᠰᠡᠷᠭᠡᠶᠢᠯᠡᠨ᠎ᠡ ᠭᠡᠵᠦ ᠱᠠᠭᠠᠷᠳᠠᠪᠠ᠃ | ᠲᠤᠰ ᠤᠳᠠᠭ᠎ᠠ ᠶᠢᠨ ᠬᠠᠷᠢᠭᠤ ᠰᠤᠷᠪᠤᠯᠵᠢᠯᠠᠬᠤ ᠠᠵᠢᠯ ᠨᠢ ᠣᠷᠴᠢᠨ ᠲᠣᠭᠤᠷᠢᠨ ᠤ ᠠᠰᠠᠭᠤᠳᠠᠯ ᠢ ᠳᠠᠬᠢᠨᠲᠠ | ᠡᠮᠬᠢᠯᠡᠬᠦ ᠪᠠ ᠴᠡᠭᠴᠡᠯᠡᠨ ᠵᠠᠰᠠᠬᠤ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠪᠠ ᠢᠳᠡᠪᠬᠢᠲᠡᠢ ᠬᠠᠷᠢᠭᠤᠯᠲᠠ ᠥᠭᠴᠦ ᠪᠠᠶᠢᠭ᠎ᠠ | ᠶᠠᠪᠤᠳᠠᠯ ᠪᠣᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ︽ᠡᠷᠬᠢᠨ ᠬᠠᠷᠠᠬᠤ︾ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ | ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠪᠠᠭᠤᠷᠠᠶ ᠭᠤᠭᠴᠤᠭ᠎ᠠ ᠶᠢ ᠴᠠᠭ ᠲᠤᠬᠠᠶ ᠳᠤᠨᠢ ᠢᠯᠡᠷᠡᠭᠦᠯᠵᠦ᠂ ᠣᠷᠴᠢᠨ | ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠪᠠᠬᠢᠵᠢᠭᠦᠯᠦᠨ ᠳᠡᠭᠡᠭᠰᠢᠯᠡᠭᠦᠯᠵᠦ᠂ ᠣᠯᠠᠨ ᠲᠦᠮᠡᠨ ᠤ ᠣᠷᠴᠢᠨ ᠲᠣᠭᠤᠷᠢᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤ ᠰᠤᠷᠪᠤᠯᠵᠢᠯᠠᠬᠤ ᠠᠵᠢᠯ ᠢ ᠴᠢᠬᠤᠯᠠ ᠠᠷᠭ᠎ᠠ | ᠵᠠᠮ ᠪᠣᠯᠭᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ | ᠤᠢᠢᠷᠠᠳᠤᠨ ᠰᠣᠨᠣᠰᠴᠤ᠂ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠯ ᠤᠨ ᠬᠤᠷᠳᠤᠴᠠ ᠪᠠ | ᠵᠣᠬᠢᠴᠠᠭᠤᠯᠬᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠵᠣᠬᠢᠰᠲᠠᠢ | ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠤᠶᠢᠮ᠎ᠠ | ᠠᠰᠠᠭᠤᠳᠠᠯ ᠢ ᠦᠨᠡᠨ ᠬᠦ ᠥᠨᠳᠥᠷ ᠪᠦᠲᠦᠮᠵᠢᠲᠡᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠪᠤᠯᠤᠨ᠎ᠠ᠃ | | | | | | | | |