ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ | ᠮᠦᠩᠬᠡᠵᠢᠯ ᠵᠠᠮ ᠴᠢᠩ ᠹᠦ᠋ ᠪᠠᠯᠭᠠᠰᠤᠨ ᠤ ᠬᠠᠮᠳᠤᠷᠠᠨ ᠬᠦᠳᠡᠯᠦᠯᠴᠡᠬᠦ ᠬᠠᠤᠯᠢ ᠴᠠᠭᠠᠵᠠ ᠶᠢᠨ ᠭᠠᠵᠠᠷ ᠴᠢᠩ ᠹᠦ᠋ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠ ᠮᠦᠩᠬᠡᠵᠢᠯ ᠵᠠᠮ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠠᠵᠢᠯ ᠥᠷᠨᠢᠭᠦᠯᠵᠦ᠂ ᠬᠠᠤᠯᠢ ᠬᠡᠷᠡᠭᠵᠢᠭᠦᠯᠬᠦ ᠦᠨᠡᠮᠯᠡᠯ᠂ ᠵᠠᠰᠠᠭ ᠵᠠᠬᠢᠷᠭᠠᠨ ᠤ ᠰᠢᠢᠳᠬᠡᠯ ᠤᠨ | ᠬᠡᠷᠡᠭ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭ ᠵᠢᠴᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠦᠬᠦ ᠲᠠᠯ᠎ᠠ ᠪᠠᠷ ᠪᠠᠶᠢᠴᠠᠭᠠᠪᠠ᠃ | ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠲᠤᠰᠬᠠᠶ ᠮᠡᠷᠭᠡᠵᠢᠯ ᠤᠨ ᠭᠤᠤᠯᠯᠠᠭᠴᠢ ᠬᠦᠴᠦᠨ | ᠪᠣᠯᠤᠭᠰᠠᠨ ᠤ ᠬᠤᠪᠢ ᠳᠤ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠮᠡᠳᠡᠯᠭᠡ ᠬᠢᠭᠡᠳ ᠡᠯᠪᠡᠭ ᠪᠠᠶᠠᠯᠢᠭ | ᠦᠢᠯᠡᠳᠦᠯᠭᠡ ᠶᠢᠨ ᠲᠤᠷᠰᠢᠯᠭ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠨᠠᠷᠢᠨ | ᠨᠢᠮᠪᠠᠶ ᠬᠢᠨᠠᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠨᠢᠭᠡᠪᠦᠷᠢ ᠳᠤ ᠴᠥᠮ ᠬᠠᠤᠯᠢ ᠴᠠᠭᠠᠵᠠ | ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠴᠢᠩᠭ᠎ᠠ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠬᠢᠨᠠᠯᠲᠠ ᠲᠠᠯᠪᠢᠬᠤ | ᠶᠠᠪᠤᠴᠠ ᠳᠤ᠂ ᠬᠢᠨᠠᠯᠲᠠ ᠲᠠᠯᠪᠢᠬᠤ ᠠᠵᠢᠯᠲᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠦᠷᠢᠮ | ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠪᠦᠬᠦ ᠲᠠᠯ᠎ᠠ ᠪᠠᠷ᠂ ᠨᠠᠷᠢᠨ ᠨᠢᠮᠪᠠᠶ ᠪᠠᠶᠢᠴᠠᠭᠠᠬᠤ ᠪᠠ ᠦᠨᠡᠯᠡᠨ ᠵᠢᠱᠢᠬᠦ ᠶᠢᠨ ᠬᠠᠮᠲᠤ ᠬᠠᠤᠯᠢ | ᠬᠡᠷᠡᠭᠵᠢᠭᠦᠯᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠤᠯᠢ | ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠲᠠᠢ ᠭᠦᠢᠴᠡᠳ ᠨᠡᠪᠲᠡᠷᠡᠯᠴᠡᠨ ᠰᠣᠯᠢᠯᠴᠠᠵᠤ᠂ | ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠣᠳᠠᠲᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ | ᠡᠵᠡᠮᠰᠢᠪᠠ᠃ | ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠴᠢᠩ ᠹᠦ᠋ ᠪᠠᠯᠭᠠᠰᠤᠨ ᠤ ᠬᠠᠮᠳᠤᠷᠠᠨ ᠬᠦᠳᠡᠯᠦᠯᠴᠡᠬᠦ ᠬᠠᠤᠯᠢ | ᠴᠠᠭᠠᠵᠠ ᠶᠢᠨ ᠭᠠᠵᠠᠷ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ | ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ | ᠡᠶ᠎ᠡ ᠵᠣᠬᠢᠴᠠᠩᠭᠤᠶ ᠨᠡᠶᠢᠭᠡᠮ ᠢ ᠪᠠᠶᠢᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠪᠠᠲᠤ | ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ | | | | | | |