4 ᠰᠠᠷ᠎ᠠ ᠶᠢᠨ 2 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠢ ᠰᠡᠷᠭᠡᠶᠢᠯᠡᠵᠦ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ | ᠣᠶ ᠰᠢᠭᠤᠶ ᠶᠢ ᠲᠣᠭᠤᠷᠢᠨ ᠭᠤᠤᠯ ᠴᠠᠭᠳᠠᠬᠤ ᠠᠵᠢᠯ ᠢ ᠥᠷᠨᠢᠭᠦᠯᠪᠡ᠃ ᠪᠠᠶ ᠶᠦᠨ ᠰᠢ ᠨᠡᠷ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠳᠠᠬᠢᠯᠲᠠ ᠤᠰᠤ ᠶᠢ ᠶᠡᠷᠦᠩᠬᠡᠶᠢᠯᠡᠨ | ᠠᠰᠢᠭᠯᠠᠬᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠨᠠᠮ ᠤᠨ ᠭᠡᠰᠢᠭᠦᠨ ᠤ ᠠᠮᠢ ᠠᠬᠤᠶ ᠶᠢᠨ ᠣᠶ᠂ ᠬᠤᠶᠢᠲᠤ ᠲᠡᠭᠦᠷᠭᠡ ᠶᠢᠨ ᠦᠶᠡᠷ ᠢ ᠬᠤᠷᠢᠭᠯᠠᠬᠤ ᠭᠤᠤ | ᠵᠡᠷᠭᠡ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠶᠢᠨ ᠵᠢᠶᠠᠩ ᠭᠸᠤ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠳᠤ ᠪᠠᠶᠢᠴᠠᠭᠠᠯᠲᠠ ᠬᠢᠵᠦ᠂ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠥᠷᠥᠯ ᠵᠦᠢᠯ ᠤᠨ | ᠬᠠᠷᠢᠭᠤᠴᠠᠯᠭᠠᠲᠠᠨ ᠲᠠᠢ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠭᠠᠯ ᠰᠡᠷᠭᠡᠶᠢᠯᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ | ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠢᠯᠯᠠᠵᠤ | ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠪᠠᠢ ᠶᠦᠨ ᠰᠢ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠣᠶ ᠰᠢᠭᠤᠶ ᠶᠢᠨ ᠭᠠᠯ ᠰᠡᠷᠭᠡᠶᠢᠯᠡᠬᠦ᠂ ᠨᠤᠲᠤᠭ ᠪᠡᠯᠴᠢᠭᠡᠷ ᠤᠨ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠣᠶᠢᠷ᠎ᠠ ᠶᠢᠨ ᠬᠤᠭᠤᠴᠠᠭᠠᠨ ᠤ | ᠬᠠᠩᠰᠢ ᠶᠢᠨ ᠲᠠᠬᠢᠯᠭ᠎ᠠ᠂ ᠬᠠᠪᠤᠷ ᠤᠨ ᠤᠯᠠᠷᠢᠯ ᠤᠨ ᠭᠠᠩ ᠬᠠᠭᠤᠷᠠᠶ ᠰᠠᠯᠬᠢ ᠣᠯᠠᠨ ᠵᠡᠷᠭᠡ ᠬᠦᠴᠦᠨ ᠵᠦᠢᠯ ᠳᠤ | ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠣᠳᠠᠰ | ᠨᠥᠭᠡᠴᠡᠯᠡᠬᠦ ᠠᠵᠢᠯ ᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠰᠠᠯᠠᠭ᠎ᠠ ᠮᠥᠴᠢᠷ᠂ ᠭᠠᠵᠠᠷ ᠣᠷᠣᠨ ᠤ ᠬᠤᠭᠤᠷᠣᠨᠳᠣᠬᠢ ᠨᠡᠪᠲᠡᠷᠡᠯᠴᠡᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠭᠠᠯ ᠤᠨ ᠠᠶᠤᠯ ᠤᠨ ᠠᠮᠤᠷ ᠲᠦᠪᠰᠢᠨ ᠤ ᠳᠠᠯᠳᠠ ᠬᠡᠮ ᠢ ᠲᠠᠰᠤᠷᠠᠯᠲᠠ ᠥᠬᠡᠶ ᠪᠠᠭᠠᠰᠬᠠᠬᠤ | ᠬᠡᠷᠡᠭᠲᠡᠶ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠴᠠᠭᠳᠠᠬᠤ᠂ ᠤᠢ ᠰᠢᠭᠤᠢ ᠶᠢ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠪᠣᠳᠠᠲᠤ ᠦᠷ᠎ᠡ ᠪᠦᠲᠦᠮᠵᠢ ᠪᠠᠷ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠪᠠᠷᠢᠯᠭ᠎ᠠ ᠶᠢᠨ ᠬᠠᠮᠢᠶᠠᠷᠤᠯᠲᠠ᠂ ᠶᠠᠰᠤ | ᠴᠢᠨᠠᠷ ᠲᠤ ᠬᠢᠨᠠᠯᠲᠠ ᠲᠠᠯᠪᠢᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠠᠮᠤᠷ ᠲᠦᠪᠰᠢᠨ | ᠲᠣᠭᠲᠠᠭᠤᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | |