ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/30
      ᠬᠠᠷᠢᠶᠠᠲᠤ ᠣᠷᠣᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠬᠦᠷᠢᠶᠡᠨ ᠳᠠᠬᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃      ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠲᠤ ᠨᠠᠷᠢᠨ ᠨᠢᠮᠪᠠᠶ ᠪᠠᠶᠢᠴᠠᠭᠠᠯᠲᠠ ᠬᠢᠵᠦ᠂ ︽ᠰᠢᠨᠡᠳᠬᠡᠬᠦ︾ ᠨᠥᠬᠦᠪᠥᠷᠢ ᠬᠤᠳᠠᠯᠳᠤᠭᠠᠨ ᠤ ᠡᠷᠦᠬᠡ ᠶᠢᠨ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠵᠤ᠂ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠢ ᠬᠢᠨᠠᠨ ᠬᠠᠷᠭᠤᠭᠤᠯᠵᠤ᠂ ᠡᠵᠡᠩᠨᠡᠭᠴᠢ ᠶᠢᠨ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ᠪᠠᠷᠠᠭᠠᠨ ᠤ ᠭᠠᠷ ᠤᠨ ᠦᠰᠦᠭ ᠵᠢᠷᠤᠭᠰᠠᠨ ᠡᠰᠡᠬᠦ᠂ ᠲᠡᠮᠳᠡᠭ ᠢᠯᠡ ᠲᠣᠳᠣ ᠪᠠᠶᠢᠬᠤ ᠡᠰᠡᠬᠦ᠂ ᠬᠤᠳᠠᠯ ᠬᠠᠭᠤᠷᠮᠠᠭ ᠢᠶᠠᠷ ᠦᠨ᠎ᠡ ᠨᠤᠭᠤᠯᠵᠤ ᠪᠤᠳᠤᠬᠤ᠂ ᠦᠨ᠎ᠡ ᠪᠠᠭᠤᠷᠠᠭᠤᠯᠬᠤ ᠵᠡᠷᠭᠡ ᠦᠨ᠎ᠡ ᠬᠠᠩᠰᠢ ᠶᠢᠨ ᠮᠡᠬᠡᠯᠡᠯ ᠤᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠣᠯᠵᠤ ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠡᠵᠡᠩᠨᠡᠭᠴᠢᠳ ᠲᠤ ᠢᠳᠡᠪᠬᠢᠲᠡᠶ ᠪᠠᠷ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠵᠤ᠂ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠷᠬᠡ ᠲᠡᠭᠰᠢ᠂ ᠢᠯᠡ ᠲᠣᠳᠣ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠣᠷᠴᠢᠨ ᠲᠣᠭᠤᠷᠢᠨ ᠢ ᠪᠣᠶ ᠪᠤᠯᠭᠠᠨ᠎ᠠ᠃      ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠳᠤᠮᠳᠠ᠂ ᠬᠡᠷᠪᠡ ᠬᠡᠷᠡᠭᠯᠡᠭᠴᠢᠳ ᠦᠢᠯᠡᠳᠬᠦᠨ ᠤ ᠶᠠᠰᠤ ᠴᠢᠨᠠᠷ ᠵᠢᠴᠢ ᠦᠨ᠎ᠡ ᠬᠠᠩᠰᠢ ᠶᠢᠨ ᠮᠡᠬᠡᠯᠡᠯ ᠵᠡᠷᠭᠡ ᠠᠰᠠᠭᠤᠳᠠᠯ ᠳᠤ ᠲᠤᠯᠭᠠᠷᠠᠪᠠᠯ ᠴᠠᠭ ᠲᠤᠬᠠᠶ ᠳᠤᠨᠢ 12315᠂ 12345 ᠬᠠᠯᠠᠮᠰᠢᠯ ᠤᠲᠠᠰᠤᠨ ᠳᠤ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠭᠴᠢᠳ ᠤᠨ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠪᠠ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨ᠎ᠡ ᠬᠠᠩᠰᠢ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠵᠠᠮ ᠢᠶᠠᠷ ᠠᠷᠠᠳ ᠲᠤ ᠠᠰᠢᠭ ᠬᠦᠷᠲᠡᠭᠡᠬᠦ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号