ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ 4 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2025 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ | ᠬᠤᠷᠠᠯᠳᠤᠭᠤᠯᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ | ᠪᠦᠷᠢᠯᠳᠦᠬᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠷᠭᠠᠭᠤᠯᠢ ᠡᠷᠭᠢᠯᠡᠬᠦ ᠨᠢᠭᠡᠴᠢ ᠶᠢᠨ ᠱᠦᠵᠢ᠂ | ᠰᠤᠷᠭᠠᠭᠤᠯᠢ ᠶᠢᠨ ᠵᠠᠬᠢᠷᠤᠯ᠂ ᠲᠤᠰᠬᠠᠶ ᠲᠤᠰᠢᠶᠠᠯᠲᠤ ᠳᠡᠳ᠋ ᠱᠦᠵᠢ᠂ ᠠᠯᠪᠠᠨ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠳᠠᠷᠤᠭ᠎ᠠ ᠬᠤᠷᠠᠯ ᠳᠤ ᠣᠷᠣᠯᠴᠠᠵᠠᠶ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠣᠪᠴᠢᠶᠠᠨ ᠳᠡᠳ᠋ ᠳᠠᠷᠤᠭ᠎ᠠ ᠢᠦᠶ ᠴᠢᠤᠸᠠᠨ ᠹᠦ᠋ ᠬᠤᠷᠠᠯ ᠢ ᠡᠷᠭᠢᠯᠡᠪᠡ᠃ | ᠬᠤᠷᠠᠯ ᠠᠴᠠ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠲᠦᠷᠢᠮ | ᠲᠣᠭᠲᠠᠭᠠᠯ ᠢ ᠵᠥᠷᠢᠴᠡᠭᠰᠡᠨ ᠬᠤᠶᠠᠷ ᠲᠥᠷᠥᠯ ᠤᠨ ︽ᠨᠡᠶᠢᠲᠡᠯᠢᠭ ᠵᠢᠱᠢᠶ᠎ᠠ︾ ᠶᠢᠨ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠭᠰᠡᠨ ᠪᠥᠭᠡᠳ ᠵᠠᠳᠠᠯᠵᠤ᠂ ᠡᠯ᠎ᠡ ᠰᠤᠷᠭᠠᠭᠤᠯᠢ ᠡᠷᠭᠢᠯᠡᠬᠦ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ | ᠬᠡᠷᠡᠭ ᠢᠶᠠᠷ ᠲᠣᠯᠢ ᠪᠣᠯᠭᠠᠵᠤ᠂ ᠭᠦᠨᠵᠡᠭᠡᠶ ᠪᠣᠳᠣᠯᠬᠢᠯᠠᠵᠤ᠂ ᠡᠶᠢᠮᠦᠷᠬᠦ ᠠᠰᠠᠭᠤᠳᠠᠯ᠂ ᠡᠶᠢᠮᠦᠷᠬᠦ ᠬᠡᠷᠡᠭ ᠤᠨ ᠳᠠᠬᠢᠨᠲᠠ | ᠡᠭᠦᠰᠬᠦ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ | ᠲᠣᠪᠴᠢᠶᠠᠨ ᠳᠡᠳ᠋ ᠳᠠᠷᠤᠭ᠎ᠠ ᠸᠧᠶ ᠶᠦᠩ ᠾᠧ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ︽ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠬᠠᠪᠰᠤᠷᠤᠨ ᠵᠢᠯᠣᠭᠤᠳᠬᠤ ᠮᠠᠲ᠋ᠧᠷᠢᠶᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠬᠤ ᠶᠢᠨ ᠬᠠᠮᠲᠤ ᠭᠤᠤᠯᠳᠠᠯᠭ᠎ᠠ ᠲᠠᠢ ᠠᠭᠤᠯᠭ᠎ᠠ ᠶᠢᠨ ᠲᠤᠬᠠᠶ ᠴᠢᠬᠤᠯᠠᠴᠢᠯᠠᠨ ᠪᠠᠶᠢᠷᠢᠯᠠᠭᠤᠯᠪᠠ᠃ ᠸᠧᠶ | ᠶᠦᠩ ᠾᠧ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠬᠤ | ᠮᠠᠲ᠋ᠧᠷᠢᠶᠠᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ | ᠡᠯ᠎ᠡ ᠳᠤᠮᠳᠠᠳᠤ ᠪᠠᠭ᠎ᠠ ᠰᠤᠷᠭᠠᠭᠤᠯᠢ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ | ᠴᠢᠬᠤᠯᠠ ᠴᠢᠨᠠᠷ ᠢ ᠭᠦᠨᠵᠡᠭᠡᠶ ᠲᠠᠨᠢᠵᠤ᠂ ᠴᠤᠪᠤᠷᠠᠯ ᠢ ᠴᠢᠩᠭ᠎ᠠ ᠵᠢᠷᠤᠮᠵᠢᠭᠤᠯᠤᠨ᠂ ᠵᠠᠬᠢᠶᠠᠯᠠᠬᠤ᠂ ᠲᠠᠷᠬᠠᠭᠠᠬᠤ᠂ ᠬᠡᠷᠡᠭᠯᠡᠬᠦ | ᠡᠯ᠎ᠡ ᠵᠠᠩᠭᠢᠯᠠᠭ᠎ᠠ ᠶᠢᠨ ᠠᠵᠢᠯ ᠤᠨ ᠴᠤᠪᠤᠷᠠᠯ ᠢ ᠨᠠᠷᠢᠯᠢᠬᠵᠢᠭᠤᠯᠵᠤ᠂ ᠵᠢᠭᠠᠨ ᠰᠤᠷᠭᠠᠯᠲᠠ ᠶᠢᠨ ᠬᠠᠪᠰᠤᠷᠤᠨ | ᠵᠢᠯᠣᠭᠤᠳᠬᠤ ᠮᠠᠲ᠋ᠧᠷᠢᠶᠠᠯ ᠢ ᠵᠠᠬᠢᠶᠠᠯᠠᠬᠤ ᠠᠵᠢᠯ ᠤᠨ ᠬᠠᠮᠢᠶ᠎ᠠ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠲᠣᠮᠢᠯᠠᠨ ᠰᠠᠭᠤᠯᠭᠠᠭᠰᠠᠨ ᠰᠤᠷᠭᠠᠨ ᠬᠥᠮᠦᠵᠢᠯ ᠤᠨ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠵᠠᠩ ᠢ ᠯᠧᠢ ᠳᠡᠭᠡᠷ᠎ᠡ ᠭᠤᠷᠪᠠᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠰᠤᠷᠭᠠᠨ | ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ | ᠱᠠᠭᠠᠷᠳᠠᠯᠭ᠎ᠠ ᠳᠤᠷᠠᠳᠪᠠ᠃ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ | ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠳᠤᠪᠤᠶᠢᠯᠭᠠᠵᠤ᠂ ᠡᠭᠦᠷᠭᠡ ᠶᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠰᠠᠭᠤᠷᠢ ᠪᠠᠨ | ᠪᠠᠬᠢᠵᠢᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ᠃ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ ᠴᠢᠬᠤᠯᠠ | ᠶᠠᠷᠢᠶ᠎ᠠ ᠲᠠᠯᠪᠢᠪᠠ᠃ ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠶᠢ ᠳᠤᠪᠤᠶᠢᠯᠭᠠᠨ᠎ᠠ᠃ ᠰᠤᠷᠭᠠᠨ ᠬᠥᠮᠦᠵᠢᠯ ᠤᠨ | ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠴᠢᠭᠯᠡᠯ ᠢᠶᠠᠨ | ᠪᠠᠲᠤᠳᠬᠠᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠪᠠᠷᠢᠮᠵᠢᠶ᠎ᠠ ᠨᠤᠭᠤᠳ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠬᠤᠭᠤᠯᠠ | ᠤᠮᠳᠠ᠂ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠬᠤ᠂ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠬᠤ | ᠮᠠᠲ᠋ᠧᠷᠢᠶᠠᠯ ᠢ ᠵᠠᠬᠢᠶᠠᠯᠠᠬᠤ ᠵᠡᠷᠭᠡ ᠤᠯᠠᠨ ᠲᠦᠮᠡᠨ ᠤ ᠢᠯᠵᠠᠷᠠᠯ ᠤᠨ ᠠᠰᠠᠭᠤᠳᠠᠯ ᠤᠨ ᠭᠤᠣᠯᠳᠠᠯᠭ᠎ᠠ ᠲᠠᠢ | ᠬᠦᠷᠢᠶ᠎ᠡ ᠶᠢᠨ ᠲᠣᠭᠤᠷᠢᠨ ᠳᠤ᠂ ᠶᠡᠷᠦᠩᠬᠡᠶᠢᠯᠡᠨ ᠵᠠᠰᠠᠬᠤ ᠪᠠ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠬᠤᠶᠠᠷ ᠲᠤ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢᠨ ᠭᠤᠤᠯᠳᠠᠯᠭ᠎ᠠ ᠮᠥᠨ᠂ ︽12345︾ ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ | ᠳᠤᠮᠳᠠᠬᠢ ᠰᠤᠷᠭᠠᠨ ᠬᠥᠮᠦᠵᠢᠯ ᠤᠨ ᠬᠦᠷᠢᠶᠡᠨ ᠳᠠᠬᠢ ᠪᠠᠭᠰᠢ ᠶᠢᠨ ᠶᠣᠰᠣ ᠮᠣᠷᠠᠯ ᠤᠨ ᠠᠰᠠᠭᠤᠳᠠᠯ ᠤᠨ ᠲᠤᠰᠬᠠᠯ ᠨᠢ | ᠲᠦᠢᠯ ᠤᠨ ᠲᠣᠪᠤᠶᠢᠮ᠎ᠠ ᠪᠠᠶᠢᠳᠠᠭ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠭᠰᠢ ᠶᠢᠨ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ | ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ ᠣᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ ᠤᠨ ᠡᠷᠬᠡ | ᠲᠡᠭᠰᠢ᠂ ᠰᠤᠷᠭᠠᠨ ᠬᠥᠮᠦᠵᠢᠯ ᠤᠨ ᠶᠠᠰᠤ ᠴᠢᠨᠠᠷ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠵᠡᠷᠭᠡ ᠠᠰᠠᠭᠤᠳᠠᠯ ᠢ | ᠠᠩᠬᠠᠷᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠭᠤᠷᠪᠠ ᠳᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠷᠬᠡ ᠶᠢᠨ ᠵᠢᠷᠤᠮᠵᠢᠯ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ | ᠡᠷᠲᠡ ᠠᠴᠠ ᠠᠳᠬᠤᠨ ᠪᠠᠭ᠎ᠠ ᠠᠴᠠ ᠨᠢ ᠠᠳᠬᠤᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠯᠡᠷᠡᠭᠦᠯᠦᠭᠰᠡᠨ | ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠬᠤ ᠶᠢ ᠰᠠᠨᠠᠭᠤᠯᠬᠤ ᠬᠡᠷᠡᠭᠲᠡᠢ᠃ ᠲᠦᠷᠪᠡ ᠳᠤ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠤᠨ᠎ᠠ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠣᠯ ᠳᠠᠷᠤᠢ | ᠠᠵᠢᠯ ᠬᠢᠵᠦ ᠦᠢᠯᠡᠰ ᠪᠤᠰᠬᠠᠬᠤ ᠶᠠᠪᠤᠳᠠᠯ ᠪᠣᠯᠤᠨ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠡᠷᠡᠰ ᠡᠰᠡᠷᠭᠦᠴᠡᠵᠦ᠂ | ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ | ᠲᠠᠪᠤ ᠳᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠭᠦᠯᠦᠨ᠎ᠡ᠃ ᠠᠵᠢᠯ ᠤᠨ ᠭᠤᠤᠯᠳᠠᠯᠭ᠎ᠠ ᠲᠠᠢ ᠪᠠᠨ | ᠤᠶᠠᠯᠳᠤᠭᠤᠯᠤᠨ᠂ ᠰᠤᠷᠭᠠᠭᠤᠯᠢ ᠶᠢᠨ ᠪᠣᠳᠠᠲᠤ ᠪᠠᠶᠢᠳᠠᠯ ᠠᠴᠠ ᠡᠭᠦᠰᠴᠦ᠂ ᠥᠨᠳᠥᠷ ᠵᠣᠭᠰᠣᠴᠠ᠂ ᠪᠥᠬᠦ | ᠬᠠᠷᠠᠭᠠᠰᠤ ᠠᠴᠠ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠲᠣᠰ ᠰᠤᠷᠤᠯᠭ᠎ᠠ ᠶᠢᠨ ᠵᠢᠯ ᠪᠣᠯ | ᠶᠠᠭ ᠰᠢᠯᠭᠠᠨ ᠡᠯᠰᠡᠬᠦ ᠤᠯᠠᠷᠢᠯ ᠮᠥᠨ᠂ ᠡᠯ᠎ᠡ ᠰᠤᠷᠭᠠᠭᠤᠯᠢ ᠡᠷᠭᠢᠯᠡᠬᠦ ᠨᠢᠭᠡᠴᠢ ᠶᠢᠨ ᠬᠢᠨ ᠠᠮᠤᠷ ᠲᠦᠪᠰᠢᠨ ᠤ | ᠤᠬᠠᠮᠰᠠᠷ ᠢᠶᠠᠨ ᠪᠥᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠳᠠᠪᠲᠠᠵᠤ ᠵᠦᠶ ᠵᠣᠬᠢᠰᠲᠠᠶ ᠰᠢᠯᠭᠠᠨ | ᠪᠠᠶᠢᠴᠠᠭᠠᠬᠤ ᠳᠤ ᠪᠡᠯᠡᠳᠬᠡᠵᠦ᠂ ᠰᠣᠷᠣᠭᠴᠢ ᠡᠯᠰᠡᠬᠦ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠶ ᠰᠠᠶᠢᠲᠤᠷ | ᠬᠢᠵᠦ᠂ ︽ᠰᠢᠯᠢᠳᠡᠭ ᠰᠤᠷᠦᠯᠴᠡᠯᠭ᠎ᠠ ᠬᠥᠬᠡ ᠠᠭᠤᠯᠠᠨ ᠳᠤ ᠪᠤᠢ︾ ᠰᠤᠷᠭᠠᠨ ᠬᠥᠮᠦᠵᠢᠯ ᠤᠨ ᠥᠨᠳᠦᠷᠯᠢᠭ ᠢ ᠪᠥᠬᠦ | ᠲᠠᠯ᠎ᠠ ᠪᠠᠷ ᠴᠣᠭᠴᠠᠯᠠᠬᠤ ᠬᠡᠷᠡᠭᠲᠡᠶ ᠭᠡᠪᠡ᠃ | ᠬᠠᠮᠤᠭ ᠰᠡᠭᠦᠯ ᠳᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠤᠯᠤᠰ ᠲᠥᠷᠥ ᠶᠢᠨ ᠬᠢᠨᠠᠯᠲᠠ ᠶᠢ | ᠴᠢᠩᠭᠠᠳᠬᠠᠬᠤ︾ ᠶᠢ ᠬᠠᠮᠲᠤ ᠪᠠᠷ ᠦᠵᠡᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ | ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠵᠤ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠯ᠎ᠡ ᠲᠠᠯ᠎ᠠ᠂ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ᠂ ᠰᠤᠷᠲᠠᠯ | ᠴᠢᠬᠡᠴᠢ ᠣᠪᠣᠷ ᠲᠥᠪ ᠬᠥᠮᠦᠵᠢᠯ ᠤᠨ ᠠᠮᠢ ᠠᠬᠤᠶ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠤᠷᠭᠠᠨ | ᠬᠥᠮᠦᠵᠢᠯ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠦᠨ᠎ᠡ︕ | | | | | | |