ᠠᠵᠢᠯ ᠠᠴᠠ ᠪᠠᠨ ᠪᠠᠭᠤᠵᠦ ᠠᠮᠠᠷᠠᠬᠤ ᠨᠢ ᠬᠥᠮᠦᠨ ᠤ ᠠᠮᠢᠳᠤᠷᠠᠯ ᠤᠨ ᠴᠢᠬᠤᠯᠠ ᠡᠷᠭᠢᠯᠲᠡ ᠪᠣᠯᠤᠭᠰᠠᠨ ᠤ | ᠬᠤᠪᠢ ᠳᠤ᠂ ᠬᠤᠪᠢ ᠬᠥᠮᠦᠨ ᠤ ᠠᠮᠢᠳᠤᠷᠠᠯ ᠤᠨ ᠠᠷᠭ᠎ᠠ ᠬᠡᠯᠪᠡᠷᠢ ᠶᠢᠨ ᠬᠤᠪᠢᠷᠠᠯᠲᠠ ᠪᠣᠯᠬᠤ ᠪᠠᠷ ᠪᠠᠷᠠᠬᠤ ᠥᠬᠡᠶ᠂ | ᠨᠠᠩ ᠴᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠤᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ | ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠠᠵᠢᠯ ᠠᠴᠠ ᠪᠠᠨ ᠪᠠᠭᠤᠵᠤ ᠠᠮᠠᠷᠠᠭᠰᠠᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠᠷ ︽ᠠᠷᠠᠳ ᠤᠨ ᠠᠮᠢᠳᠤᠷᠠᠯ ᠤᠨ | ᠳᠤᠯᠠᠭᠠᠴᠠ︾ ᠶᠢ ᠦᠢᠯᠡᠳᠦᠯᠭᠡᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠲᠤᠭ᠎ᠠ ᠪᠠᠷᠢᠮᠲᠠ ᠪᠠᠷ ᠡᠨᠧᠷᠭᠢ | ᠣᠯᠭᠤᠬᠤ᠂ ᠶᠠᠪᠤᠴᠠ ᠶᠢ ᠳᠠᠬᠢᠨ ᠵᠣᠬᠢᠶᠠᠬᠤ᠂ ᠦᠢᠯᠡᠴᠢᠯᠡᠭᠡ ᠶᠢ ᠲᠠᠰ ᠳᠡᠪᠰᠢᠭᠦᠯᠬᠦ ᠪᠠᠷ ᠳᠠᠮᠵᠢᠭᠤᠯᠤᠨ᠂ | ︽ᠠᠵᠢᠯ ᠠᠴᠠ ᠪᠠᠨ ᠪᠠᠭᠤᠵᠤ ᠠᠮᠠᠷᠠᠭᠰᠠᠨ ᠨᠢᠭᠡ ᠶᠠᠪᠤᠳᠠᠯ︾ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠵᠠᠯᠭᠠᠭ᠎ᠠ ᠪᠠᠷ ᠲᠠᠰ ᠳᠡᠪᠰᠢᠭᠦᠯᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠭᠠᠨ ᠬᠤᠪᠢᠷᠠᠭᠤᠯᠤᠨ᠎ᠠ᠃ | ᠰᠡᠳᠭᠢᠯ ᠢ ᠳᠤᠯᠠᠭᠠᠴᠠᠭᠤᠯᠬᠤ ᠦᠢᠯᠡᠴᠢᠯᠡᠭᠡ ᠨᠠᠰᠤᠲᠠᠨ ᠳᠤ ᠲᠣᠬᠢᠷᠠᠬᠤ ᠦᠢᠯᠡᠴᠢᠯᠡᠭᠡᠨ ᠤ ᠵᠠᠭᠪᠤᠷ ᠢ ᠪᠣᠢ | ᠪᠤᠯᠭᠠᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤ ᠵᠢᠯ ᠨᠡᠶᠢᠳᠡᠮ ᠳᠡᠭᠡᠨ ᠨᠡᠯᠢᠶᠡᠳ ᠶᠡᠭᠡ | ᠪᠠᠶᠢᠬᠤ ᠣᠨᠴᠠᠯᠢᠭ ᠲᠤ ᠴᠢᠭᠯᠡᠭᠦᠯᠦᠨ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠪᠦᠬᠦ | ᠨᠠᠰᠤᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠴᠤᠩᠬᠤᠪᠴᠢ ᠳᠤ ᠲᠤᠰᠬᠠᠶ ᠬᠥᠮᠦᠨ ᠲᠣᠬᠢᠷᠠᠭᠤᠯᠤᠨ | ᠨᠠᠰᠤᠲᠠᠶᠢᠴᠤᠳ ᠲᠤ ᠦᠢᠯᠡᠴᠢᠯᠡᠭᠡ ᠬᠠᠩᠭᠠᠵᠤ᠂ ᠠᠷᠠᠳ ᠲᠤ ᠲᠥᠬᠦᠮ ᠦᠵᠡᠭᠦᠯᠬᠦ ᠪᠡᠯᠡᠳᠬᠡᠮᠵᠢ ᠳᠣᠭᠢᠷᠠᠭᠤᠯᠤᠨ᠂ | ᠠᠵᠢᠯᠲᠠᠳ ︽ᠤᠳᠠᠭᠠᠨ ᠬᠡᠯᠡᠨ ᠤ ᠬᠤᠷᠳᠤᠴᠠ᠂ ᠥᠨᠳᠥᠷ ᠳᠠᠭᠤᠨ ᠤ ᠬᠡᠮᠵᠢᠶ᠎ᠡ᠂ ᠵᠢᠷᠤᠭ ᠪᠢᠴᠢᠭ ᠢ ᠤᠶᠠᠯᠳᠤᠭᠤᠯᠬᠤ︾ | ᠨᠡᠪᠲᠡᠷᠡᠯᠴᠡᠬᠦ ᠠᠷᠭ᠎ᠠ ᠮᠠᠶ᠋ᠢᠭ ᠢ ᠬᠡᠷᠡᠭᠯᠡᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ᠂ ᠮᠠᠲ᠋ᠧᠷᠢᠶᠠᠯ ᠤᠨ ᠨᠠᠷᠢᠨ | ᠬᠠᠭᠤᠳᠠᠰᠤ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ A3 ᠲᠣᠮᠣ ᠥᠰᠥᠭ ᠤᠨ ᠬᠡᠪᠯᠡᠯ ᠤᠨ ᠢᠯᠡ ᠨᠡᠶᠢᠲᠡᠯᠡᠬᠦ | ᠫᠠᠶᠢᠰᠠ ᠪᠣᠯᠭᠠᠨ ᠵᠣᠬᠢᠶᠠᠵᠤ᠂ 2025 ᠣᠨ ᠳᠤ ᠴᠠᠭᠠᠰᠤᠨ ᠬᠡᠪ ᠤᠨ ᠮᠠᠲ᠋ᠧᠷᠢᠶᠠᠯ ᠤᠨ ᠨᠠᠷᠢᠨ ᠬᠠᠭᠤᠳᠠᠰᠤ ᠶᠢ | ᠨᠡᠶᠢᠲᠡ 800 ᠭᠠᠷᠤᠶ ᠬᠤᠪᠢ ᠲᠠᠷᠬᠠᠭᠠᠪᠠ᠃ | ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠶᠠᠪᠤᠴᠠ ᠶᠢ ᠴᠢᠩᠭ᠎ᠠ ᠨᠢᠮᠪᠠᠢ ᠬᠤᠷᠢᠭᠯᠠᠵᠤ᠂ ᠠᠯᠳᠠᠰᠢ ᠭᠠᠷᠬᠤ ᠶᠢ | ᠴᠢᠩᠭ᠎ᠠ ᠬᠤᠷᠢᠭᠯᠠᠨ᠎ᠠ᠃ ᠠᠵᠢᠯ ᠠᠴᠠ ᠪᠠᠨ ᠠᠮᠠᠷᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠬᠤ ᠭᠤᠭᠴᠤᠭ᠎ᠠ ᠳᠤ᠂ | ᠴᠠᠭᠠᠰᠤᠨ ᠮᠠᠲ᠋ᠧᠷᠢᠶᠠᠯ ᠬᠢᠭᠡᠳ ᠰᠢᠰᠲ᠋ᠧᠮ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠬᠥᠮᠦᠨ ᠤ | ᠬᠦᠴᠦ ᠪᠠᠷ ᠬᠢᠨᠠᠨ ᠰᠢᠯᠭᠠᠬᠤ ᠪᠠ ᠰᠢᠰᠲ᠋ᠧᠮ ᠤᠨ ᠬᠠᠷᠢᠴᠠᠭᠤᠯᠤᠯ ᠢᠶᠠᠷ ᠳᠠᠮᠵᠢᠭᠤᠯᠤᠨ ᠵᠡᠷᠭᠡ ᠪᠠᠷ ᠶᠠᠪᠤᠭᠳᠠᠭᠤᠯᠵᠤ᠂ | ᠮᠡᠳᠡᠭᠡ ᠵᠠᠩᠭᠢ ᠶᠢᠨ ᠨᠠᠷᠢᠯᠢᠭ ᠣᠨᠣᠴᠠᠲᠠᠶ ᠪᠠᠶᠢᠬᠤ ᠶᠢ ᠦᠨᠡᠨ ᠬᠦ ᠪᠠᠲᠤᠯᠠᠨ᠎ᠠ᠃ ᠠᠵᠢᠯ ᠠᠴᠠ ᠪᠠᠨ ᠪᠠᠭᠤᠵᠤ | ᠠᠮᠠᠷᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠡᠳᠡᠭᠡ ᠵᠠᠩᠭᠢ ᠶᠢᠨ | ᠠᠯᠳᠠᠭ᠎ᠠ ᠪᠤᠷᠤᠭᠤ ᠶᠢ ᠣᠯᠵᠤ ᠮᠡᠳᠡᠬᠦ ᠶᠢᠨ ᠬᠠᠮᠲᠤ ᠵᠠᠰᠠᠨ᠎ᠠ᠃ | ᠴᠢᠩᠱᠠᠨ ᠲᠣᠭᠤᠷᠢᠭ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠲᠤᠬᠠᠶᠢᠯᠠᠭᠰᠠᠨ ᠠᠵᠢᠯ ᠢ ᠭᠦᠢᠴᠡᠳᠭᠡᠬᠦ | ᠴᠠᠭ ᠬᠢᠵᠠᠭᠠᠷ ᠨᠢ ᠲᠠᠰᠤᠷᠠᠯᠲᠠ ᠦᠭᠡᠢ ᠪᠤᠭᠤᠨᠢᠰᠴᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 97.2% ᠲᠤ | ᠬᠦᠷᠴᠡᠢ᠃ ᠡᠳᠡᠭᠡᠷ ᠲᠤᠭ᠎ᠠ ᠬᠡᠮᠵᠢᠶ᠎ᠡ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠠᠵᠢᠯᠲᠠᠳ ᠤᠨ ︽ᠤᠯᠠᠨ ᠲᠦᠮᠡᠨ ᠤ ᠶᠠᠪᠤᠳᠠᠯ ᠢ ᠶᠡᠭᠡ ᠶᠠᠪᠤᠳᠠᠯ ᠪᠣᠯᠭᠠᠬᠤ︾ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃ | ᠢᠷᠡᠭᠡᠳᠦᠢ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︽ᠣᠶᠤᠨᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ | ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯ ᠤᠨ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠠᠴᠠ ᠪᠠᠨ ᠠᠮᠠᠷᠠᠭᠰᠠᠨ ᠦᠢᠯᠡᠴᠢᠯᠡᠭᠡ ᠶᠢ ᠬᠤᠷᠳᠤᠴᠠ ᠶᠢᠨ | ᠲᠠᠯ᠎ᠠ ᠪᠠᠷ ᠨᠠᠩ ᠳᠤᠯᠠᠭᠠᠴᠠ ᠲᠠᠢ ᠪᠣᠯᠭᠠᠵᠤ᠂ ᠣᠯᠠᠨ ᠲᠦᠮᠡᠨ ᠤ ᠵᠣᠯ ᠵᠢᠷᠭᠠᠯᠲᠤ ᠥᠲᠡᠯᠦᠭᠡ ᠨᠠᠰᠤ ᠪᠠᠨ | ᠬᠠᠮᠠᠭᠠᠯᠠᠨ᠎ᠠ᠃ | | | | | | |