ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠶᠡᠷᠦᠩᠬᠡᠶᠢᠯᠡᠨ ᠵᠠᠰᠠᠬᠤ ᠳᠤᠮᠳᠠᠬᠢ ᠦᠢᠯᠡᠳᠦᠯ ᠢ | ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 4 | ᠰᠠᠷ᠎ᠠ ᠶᠢᠨ 2 ᠤ ᠡᠳᠦᠷ᠂ ᠴᠢᠩ ᠹᠦ᠋ ᠪᠠᠯᠭᠠᠰᠤ ᠴᠢᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠠᠢ | ᠬᠠᠮᠲᠤᠷᠠᠨ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠠᠵᠢᠯᠲᠠᠨ ᠳᠤ ︽ᠬᠠᠤᠯᠢ ᠪᠠᠷ ᠵᠠᠰᠠᠬᠤ ᠵᠠᠪᠠᠯ ᠰᠤᠷᠬᠤ ᠬᠢᠴᠢᠶᠡᠯ︾ | ᠢ ᠳᠣᠭᠢᠷᠠᠭᠤᠯᠪᠠ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ 30 ᠭᠠᠷᠤᠢ ᠬᠠᠮᠢᠶ᠎ᠠ ᠪᠦᠬᠦᠢ ᠠᠵᠢᠯᠲᠠᠨ | ᠣᠷᠣᠯᠴᠠᠪᠠ᠃ | ᠲᠣᠰ ᠤᠳᠠᠭᠠᠨ ᠤ ᠲᠠᠶᠢᠯᠤᠮᠵᠢ ᠳᠤ ᠴᠢᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠡᠷᠡᠭ | ᠪᠣᠯᠭᠠᠨ ᠳᠠᠩᠰᠠᠯᠠᠬᠤ ᠲᠢᠩᠬᠢᠮ ᠤᠨ ᠬᠠᠤᠯᠢ ᠶᠢᠨ ᠲᠤᠰᠢᠶᠠᠯᠲᠠᠨ ᠤ ᠲᠤᠰᠠᠯᠠᠭᠴᠢ ᠳ᠋ᠦᠩ ᠰᠢᠨ ᠶᠤᠸᠠᠨ ᠢ ᠤᠷᠢᠵᠤ | ᠬᠥᠷᠰᠢ ᠵᠡᠷᠭᠡᠯᠡᠳᠡᠭᠡ ᠬᠠᠷᠢᠴᠠᠭ᠎ᠠ ᠶᠢᠨ ᠵᠢᠭᠤᠷᠠᠯᠳᠤᠭᠠᠨ ᠤ ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ | ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠥᠷᠨᠢᠭᠦᠯᠪᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢᠶᠠᠷ ᠭᠠᠷᠳᠠᠬᠤ ᠴᠡᠭ | ᠪᠣᠯᠭᠠᠵᠤ᠂ ᠨᠡᠶᠢᠭᠡᠮ ᠲᠣᠭᠤᠷᠢᠭ ᠤᠨ ᠵᠢᠭᠤᠷᠠᠯᠳᠤᠭᠠᠨ ᠢ ᠥᠨᠳᠥᠷ ᠲᠠᠷᠬᠠᠭᠠᠬᠤ ᠲᠥᠷᠥᠯ ᠬᠡᠯᠪᠡᠷᠢ ᠶᠢᠨ | ᠲᠠᠶᠢᠯᠪᠤᠷᠢᠯᠠᠯᠲᠠ ᠲᠠᠢ ᠤᠶᠠᠯᠳᠤᠭᠤᠯᠤᠨ ᠬᠤᠯᠪᠣᠭᠳᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢ ᠵᠠᠳᠠᠯᠵᠤ᠂ | ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠠᠷᠭ᠎ᠠ ᠮᠠᠶ᠋ᠢᠭ ᠢᠶᠠᠷ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠤᠷᠢᠯᠠᠵᠤ᠂ ᠠᠵᠢᠯᠯᠠᠭ᠎ᠠ ᠳᠤ ᠣᠷᠣᠯᠴᠠᠭᠰᠠᠨ ᠬᠥᠮᠦᠰ ᠲᠤ ᠢᠷᠭᠡᠨ ᠤ ᠬᠠᠤᠯᠢ ᠶᠢᠨ ᠪᠢᠴᠢᠭ ᠤᠨ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠳᠠᠬᠢ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠨᠠᠩ ᠰᠢᠭᠤᠳ | ᠣᠶᠢᠯᠠᠭᠠᠭᠤᠯᠪᠠ᠃ | ᠲᠠᠶᠢᠯᠤᠮᠵᠢ ᠨᠢ ︽ᠬᠥᠷᠰᠢ ᠵᠡᠷᠭᠡᠯᠡᠳᠡᠭᠡ ᠶᠢᠨ ᠡᠷᠬᠡ︾ ᠭᠡᠬᠦ ᠡᠨᠡ ᠬᠦ ᠨᠡᠶᠢᠭᠡᠮ ᠲᠣᠭᠤᠷᠢᠭ ᠤᠨ ᠵᠠᠰᠠᠯᠲᠠ ᠶᠢᠨ | ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠲᠤ ᠬᠥᠷᠰᠢ | ᠵᠡᠷᠭᠡᠯᠡᠳᠡᠭᠡ ᠶᠢᠨ ᠵᠥᠷᠢᠴᠡᠯ ᠢ ᠠᠷᠢᠯᠭᠠᠬᠤ ︽ᠬᠠᠤᠯᠢ ᠴᠠᠭᠠᠵᠠ ᠶᠢᠨ ᠲᠦᠯᠬᠢᠭᠦᠷ︾ ᠢ ᠬᠦᠷᠭᠡᠵᠡᠶ᠂ ᠣᠯᠠᠨ ᠢᠶᠠᠷ ᠢᠶᠠᠨ | ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ︾ ᠤᠨ ᠳᠣᠲᠣᠷᠠᠬᠢ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢᠨ ᠠᠭᠤᠯᠭ᠎ᠠ ᠶᠢ ᠨᠠᠩ | ᠭᠦᠢᠴᠡᠳ ᠤᠶᠢᠯᠠᠭᠠᠨ ᠡᠵᠡᠮᠰᠢᠵᠦ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠵᠢᠴᠢ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢᠨ ᠴᠢᠬᠤᠯᠠ | ᠴᠢᠨᠠᠷ ᠢ ᠲᠠᠨᠢᠵᠤ ᠣᠯᠵᠠᠶ᠃ ᠳᠠᠷᠠᠭᠠᠴᠢ ᠶᠢᠨ ᠠᠯᠬᠤᠮ ᠳᠤ᠂ ᠴᠢᠩ ᠹᠦ᠋ ᠪᠠᠯᠭᠠᠰᠤ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠢᠩᠱᠠᠨ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠠᠢ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠰᠢᠭᠦᠬᠦ | ᠲᠤᠰᠢᠶᠠᠯᠲᠠᠨ ᠤ ᠠᠵᠢᠯ ᠤᠨ ᠦᠷᠳᠡᠭᠡ᠂ ᠪᠠᠯᠭᠠᠰᠤᠨ ᠳᠤ ᠰᠠᠭᠤᠭ᠎ᠠ ᠬᠠᠤᠯᠢ ᠴᠠᠭᠠᠵᠠ ᠶᠢᠨ ᠭᠠᠵᠠᠷ ᠲᠤ ᠲᠦᠰᠢᠭᠯᠡᠨ | ᠠᠵᠢᠯᠲᠠᠳ ᠢ ᠤᠯᠠᠮ ᠴᠢᠨᠠᠭᠰᠢᠳᠠ ᠬᠦᠳᠦᠯᠦᠨ ᠵᠢᠯᠣᠭᠤᠳᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠰᠤᠷᠤᠯᠴᠠᠬᠤ᠂ ᠵᠢᠷᠤᠮᠯᠠᠬᠤ᠂ ᠬᠠᠮᠠᠭᠠᠯᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠬᠡᠷᠡᠭᠯᠡᠨ ᠠᠷᠠᠳ ᠲᠦᠮᠡᠨ ᠤ ᠡᠷᠬᠡ ᠠᠰᠢᠭ ᠢ | ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠠᠬᠢᠭᠤᠯᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠦᠨ᠎ᠡ᠃ | | | | |