ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠵᠤᠭᠠᠴᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠵᠤᠭᠠᠴᠠᠭᠰᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 2 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ | ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠦᠬᠦ ᠲᠤᠭᠤᠷᠢᠭ ᠤᠨ | ᠵᠤᠭᠠᠴᠠᠯ ᠤᠨ ᠦᠵᠡᠮᠵᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠴᠢᠩᠱᠠᠨ ᠵᠣᠴᠢᠳ ᠤᠨ ᠪᠠᠭᠤᠳᠠᠯ᠂ ᠣᠯᠢᠮᠫᠢᠺ ᠤᠨ ᠴᠡᠴᠡᠷᠯᠢᠭ᠂ | ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠳᠠ ᠶᠢᠨ 3 A ᠲᠡᠰ ᠤᠨ ᠦᠵᠡᠮᠵᠢ ᠶᠢᠨ ᠣᠷᠣᠨ ᠤ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ︽2025 ᠣᠨ ᠤ ᠬᠠᠩᠰᠢ ᠶᠢᠨ | ᠡᠳᠦᠷ᠂ ᠬᠥᠳᠡᠯᠮᠦᠷᠢᠴᠢᠳ ᠤᠨ ᠪᠠᠶᠠᠷ ᠤᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ | ᠵᠠᠬ᠎ᠠ ᠳᠡᠯᠭᠡᠭᠦᠷ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ 2025 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠥᠯᠥᠪᠯᠡᠭᠡ ᠵᠢᠴᠢ | ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ | ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠵᠤᠤ ᠳ᠋ᠢᠩ ᠭᠤᠤᠯᠳᠠᠭᠤ | ᠦᠵᠡᠯ ᠰᠠᠨᠠᠭ᠎ᠠ ᠲᠠᠨᠢᠯᠲᠠ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠵᠡᠷᠭᠡ ᠣᠯᠠᠨ ᠲᠠᠯ᠎ᠠ ᠠᠴᠠ | ᠦᠵᠡᠮᠵᠢ ᠶᠢᠨ ᠣᠷᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠭᠤᠤᠯᠳᠠᠯᠭ᠎ᠠ ᠲᠠᠢ ᠴᠢᠬᠤᠯᠠᠴᠢᠯᠠᠵᠤ | ᠪᠠᠶᠢᠷᠢᠯᠠᠭᠤᠯᠪᠠ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ | ᠬᠢᠬᠦ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠪᠦᠲᠦᠮᠵᠢᠲᠡᠢ | ᠠᠷᠭ᠎ᠠ ᠪᠤᠳᠤᠯᠭ᠎ᠠ ᠶᠢ ᠬᠠᠮᠲᠤᠪᠠᠷ ᠲᠥᠯᠥᠪᠵᠢᠭᠦᠯᠪᠡ᠃ | ᠬᠤᠷᠠᠯ ᠠᠴᠠ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠶᠠᠭ ᠬᠠᠪᠤᠷ ᠤᠨ ᠤᠯᠠᠷᠢᠯ ᠤᠨ | ᠵᠢᠭᠤᠯᠴᠢᠯᠠᠯ ᠤᠨ ᠣᠷᠭᠢᠯ ᠤᠨ ᠬᠤᠭᠤᠴᠠᠭ᠎ᠠ ᠪᠣᠯᠵᠠᠢ᠂ ᠡᠯ᠎ᠡ ᠦᠵᠡᠮᠵᠢ ᠶᠢᠨ ᠣᠷᠣᠨ ᠭᠠᠯ ᠤᠨ ᠠᠶᠤᠯ᠂ ᠭᠢᠰᠬᠢᠯᠲᠡ᠂ | ᠲᠥᠬᠦᠭᠡᠷᠦᠮᠵᠢ ᠶᠢᠨ ᠭᠡᠮ ᠰᠣᠭᠤᠭ ᠵᠡᠷᠭᠡ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠰᠡᠷᠭᠡᠶᠢᠯᠡᠬᠦ ᠬᠡᠷᠡᠭᠲᠡᠢ︔ | ᠪᠦᠬᠦ ᠠᠵᠢᠯᠲᠠᠨ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠦᠵᠡᠮᠵᠢ ᠶᠢᠨ ᠣᠷᠣᠨ ᠤ ᠣᠷᠣᠬᠤ ᠡᠭᠦᠳᠡᠨ ᠳᠤ ᠭᠠᠯ | ᠰᠡᠷᠭᠡᠶᠢᠯᠡᠬᠦ ᠰᠡᠷᠡᠮᠵᠢ ᠶᠢᠨ ᠫᠠᠶᠢᠰᠠ ᠨᠡᠮᠡᠨ ᠨᠡᠪᠲᠡᠷᠡᠭᠦᠯᠵᠦ᠂ ᠵᠠᠮᠴᠢᠯᠠᠭᠴᠢ ᠶᠢᠨ ᠲᠠᠶᠢᠯᠤᠮᠵᠢ ᠳᠤ ᠭᠠᠯ ᠰᠡᠷᠭᠡᠶᠢᠯᠡᠬᠦ | ᠰᠠᠨᠠᠭᠤᠯᠤᠮᠵᠢ ᠳᠤ ᠠᠭᠤᠰᠤᠯᠴᠠᠵᠤ᠂ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ︔ | ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ | ᠰᠢᠢᠳᠪᠦᠷᠢᠯᠡᠬᠦ ᠶᠢ ᠪᠠᠲᠤᠯᠠᠵᠤ᠂ ᠠᠳᠡᠯ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ | ᠦᠵᠡᠮᠵᠢ ᠶᠢᠨ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ | ᠪᠠᠶᠢᠨ᠎ᠠ᠃ | | | | | | |