ᠴᠢᠩᠱᠠᠨ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠲᠦᠭᠡᠮᠡᠯ ᠬᠠᠷᠠᠭᠠᠯᠵᠠᠯ ᠦᠵᠡᠭᠦᠯᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠵᠦᠢᠯ ᠤᠨ ᠡᠭᠦᠳᠦᠨ | ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ | 3 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠲᠦᠭᠡᠮᠡᠯ ᠬᠠᠷᠠᠭᠠᠯᠵᠠᠯ ᠦᠵᠡᠭᠦᠯᠬᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ ᠬᠤᠶᠠᠷ ᠵᠦᠢᠯ ᠤᠨ ᠡᠭᠦᠳᠦᠨ | ᠪᠠᠶᠢᠭᠤᠯᠬᠤ ᠠᠵᠢᠯ ᠤᠨ ᠲᠣᠪᠴᠢᠶᠠᠨ ᠳᠠᠷᠤᠭ᠎ᠠ ᠲᠣᠬᠢᠷᠠᠭᠤᠯᠬᠤ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠦ᠋ ᠱᠧᠩ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠡᠯ᠎ᠡ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠵᠢᠴᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠲᠥᠯᠥᠭᠡᠯᠡᠭᠴᠢ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠬᠤᠶᠠᠷ ᠵᠦᠢᠯ ᠤᠨ | ᠡᠭᠦᠳᠦᠨ ᠪᠠᠶᠢᠭᠤᠯᠬᠤ ᠠᠵᠢᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠠᠨ ᠲᠠᠰ ᠳᠠᠷᠠᠭᠠᠯᠠᠨ ᠰᠣᠯᠢᠯᠴᠠᠨ | ᠬᠠᠷᠢᠭᠤ ᠮᠡᠳᠡᠭᠦᠯᠵᠦ᠂ ᠳᠥᠷᠪᠡᠨ ᠰᠤᠷᠭᠠᠭᠤᠯᠢ ᠶᠢᠨ ᠵᠠᠬᠢᠷᠤᠯ ᠣᠳᠣᠬᠢ ᠱᠠᠲᠤᠨ ᠤ ᠰᠤᠷᠭᠠᠭᠤᠯᠢ ᠶᠢ ᠡᠭᠦᠳᠦᠨ | ᠪᠠᠶᠢᠭᠤᠯᠬᠤ ᠠᠵᠢᠯ ᠤᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢᠶᠠᠨ ᠳᠤᠷᠠᠳᠴᠤ᠂ ᠲᠤᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠭᠤᠤ ᠴᠠᠩ ᠬᠤᠶᠠᠷ ᠵᠦᠢᠯ ᠤᠨ ᠠᠵᠢᠯ ᠳᠤ ᠪᠣᠳᠠᠲᠠᠶ ᠴᠢᠬᠤᠯᠠᠴᠢᠯᠠᠨ ᠪᠠᠶᠢᠷᠢᠯᠠᠭᠤᠯᠪᠠ᠃ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠡᠤ ᠱᠧᠩ ᠴᠢᠶᠠᠩ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠪᠠᠨ | ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠵᠦᠢᠯ ᠤᠨ ᠡᠭᠦᠳᠦᠨ ᠪᠠᠶᠢᠭᠤᠯᠤᠯᠲᠠ︾ ᠶᠢᠨ | ᠠᠵᠢᠯ ᠪᠣᠯ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠡᠨᠡ ᠵᠢᠯ᠂ ᠢᠷᠡᠬᠦ ᠬᠤᠶᠠᠷ ᠵᠢᠯ ᠤᠨ ᠰᠤᠷᠭᠠᠨ | ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠤᠨ᠎ᠠ᠂ ᠪᠦᠬᠦ ᠨᠥᠬᠦᠳ ᠤᠨ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠢ ᠨᠦᠭᠦᠳ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠠᠵᠢᠯ ᠤᠨ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠬᠦ ᠬᠡᠷᠡᠭᠲᠡᠶ᠃ ᠬᠤᠶᠠᠷ ᠲᠤ᠂ ᠪᠠᠶᠢᠳᠠᠯ ᠢ | ᠲᠣᠳᠣᠷᠬᠠᠶᠢᠯᠠᠵᠤ᠂ ᠭᠤᠣᠯᠳᠠᠯᠭ᠎ᠠ ᠶᠢ ᠲᠤᠪᠤᠶᠢᠯᠭᠠᠬᠤ ᠬᠡᠷᠡᠭᠲᠡᠢ᠃ ᠬᠤᠶᠠᠷ ᠵᠦᠢᠯ ᠤᠨ ᠡᠭᠦᠳᠦᠨ ᠪᠠᠶᠢᠭᠤᠯᠬᠤ | ᠠᠵᠢᠯ ᠨᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠵᠤ᠂ | ᠤᠯᠠᠮ ᠨᠢᠭᠡ ᠠᠯᠬᠤᠮ ᠲᠣᠭᠠᠯᠠᠨ ᠪᠦᠷᠢᠳᠬᠡᠬᠦ ᠪᠠᠷ ᠳᠠᠮᠵᠢᠭᠤᠯᠤᠨ᠂ ᠠᠰᠠᠭᠤᠳᠠᠯ ᠳᠤ ᠴᠢᠭᠯᠡᠭᠦᠯᠦᠨ᠂ ᠠᠷᠭ᠎ᠠ ᠵᠠᠮ ᠢᠶᠠᠨ | ᠣᠨᠣᠪᠴᠢᠲᠠᠶ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠯᠬᠤᠮ ᠠᠯᠬᠤᠮ ᠢᠶᠠᠷ ᠳᠥᠯᠭᠢᠨ ᠠᠬᠢᠭᠤᠯᠤᠨ᠎ᠠ᠃ | ᠭᠦᠢᠴᠡᠳᠬᠡᠬᠦ ᠲᠤᠭ᠎ᠠ ᠶᠢ ᠴᠢᠩᠭ᠎ᠠ ᠠᠩᠬᠠᠷᠬᠤ ᠮᠥᠷᠲᠡᠭᠡᠨ ᠪᠠᠰᠠ ᠪᠤᠰᠤᠳᠴᠢ ᠶᠢ ᠬᠦᠨᠳᠦᠳᠬᠡᠵᠦ᠂ ᠣᠳᠣᠬᠠᠨ ᠳᠤ | ᠣᠷᠣᠰᠢᠵᠤ ᠪᠠᠶᠢᠭ᠎ᠠ ᠠᠰᠠᠭᠤᠳᠠᠯ ᠳᠤ ᠭᠤᠣᠯᠳᠠᠯᠭ᠎ᠠ ᠶᠢ ᠠᠳᠬᠤᠵᠤ᠂ ᠰᠢᠢᠳᠪᠦᠷᠢᠯᠡᠬᠦ ᠰᠡᠳᠬᠢᠬᠦᠢ ᠶᠢ ᠠᠰᠢᠭᠯᠠᠨ᠂ | ᠠᠵᠢᠯ ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠴᠠᠭ ᠤᠨ ᠠᠬᠢᠴᠠ ᠶᠢ ᠲᠣᠭᠲᠠᠭᠠᠵᠤ᠂ ᠨᠢᠭᠡᠳ ᠨᠢᠭᠡ ᠪᠠᠷ | ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠠᠲᠠᠭᠤ ᠲᠣᠨᠤᠭ ᠢ ᠰᠠᠶᠢᠲᠤᠷ | ᠠᠳᠬᠤᠬᠤ ᠳᠤ ᠪᠠᠰᠠ ︽ᠵᠥᠭᠡᠯᠡᠨ ᠲᠣᠨᠤᠭ︾ ᠢ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠴᠢᠬᠤᠯᠠᠴᠢᠯᠠᠬᠤ | ᠮᠥᠷᠲᠡᠭᠡᠨ ᠨᠡᠩ ᠴᠤ ᠪᠣᠳᠠᠲᠤ ᠬᠡᠷᠡᠭᠴᠡᠭᠡ ᠶᠢ ᠴᠢᠬᠤᠯᠠᠴᠢᠯᠠᠵᠤ᠂ ᠣᠳᠣᠬᠢ ᠪᠠᠶᠢᠳᠠᠯ ᠢ ᠴᠢᠬᠤᠯᠠᠴᠢᠯᠠᠬᠤ ᠮᠥᠷᠲᠡᠭᠡᠨ | ᠨᠡᠩ ᠴᠤ ᠢᠷᠡᠭᠡᠳᠦᠢ ᠶᠢ ᠠᠩᠬᠠᠷᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠤᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ | ᠰᠤᠷᠤᠭᠴᠢᠳ ᠲᠤ ᠨᠠᠩ ᠰᠢᠯᠢᠳᠡᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠠᠲᠤᠳᠬᠠᠬᠤ | ᠬᠡᠷᠡᠭᠲᠡᠢ᠃ ᠰᠤᠷᠭᠠᠨ ᠬᠥᠮᠦᠵᠢᠯ ᠪᠣᠯᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ | ᠲᠣᠪᠴᠢᠶᠠᠨ ᠤ ᠳᠣᠲᠣᠭᠠᠳᠤ ᠲᠠᠰᠤᠭ᠂ ᠪᠠᠶᠢᠭᠤᠯᠤᠯᠭ᠎ᠠ ᠶᠢᠨ ᠲᠠᠰᠤᠭ ᠪᠣᠯᠤᠨ ᠰᠤᠷᠭᠠᠭᠤᠯᠢ ᠵᠡᠷᠭᠡ ᠣᠯᠠᠨ ᠲᠠᠯ᠎ᠠ ᠪᠠᠷ | ᠬᠠᠮᠲᠤᠷᠠᠨ ᠬᠥᠳᠡᠯᠦᠯᠴᠡᠬᠦ ᠶᠢ ᠰᠠᠶᠢᠲᠤᠷ ᠬᠢᠨ᠎ᠡ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠪᠢᠳᠠᠨ | ᠬᠠᠮᠢᠶᠠᠷᠴᠤ ᠪᠦᠬᠦᠢ ᠰᠠᠯᠠᠭ᠎ᠠ ᠲᠠᠰᠤᠭ ᠤᠨ ᠠᠵᠢᠯ ᠤᠨ ᠠᠬᠢᠴᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠱᠠᠲᠤ | ᠦᠶ᠎ᠡ ᠶᠢᠨ ᠴᠢᠨᠠᠷᠲᠠᠶ᠂ ᠠᠶᠢᠵᠠᠮ ᠲᠠᠢ ᠲᠣᠬᠢᠷᠠᠭᠤᠯᠤᠯᠲᠠ ᠶᠢ ᠰᠠᠶᠢᠲᠤᠷ ᠬᠢᠬᠦ ᠶᠢᠨ ᠬᠠᠮᠲᠤ ᠳᠡᠭᠡᠳᠦ ᠱᠠᠲᠤᠨ ᠤ | ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠭᠦᠢᠴᠡᠳᠭᠡᠯ ᠲᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠰᠤᠷᠭᠠᠭᠤᠯᠢ ᠶᠢ ᠵᠢᠯᠣᠭᠤᠳᠤᠨ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠰᠤᠷᠭᠠᠭᠤᠯᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠰᠢᠨ᠎ᠡ ᠶᠢ ᠡᠭᠦᠳᠬᠦ ᠶᠢ | ᠰᠦᠪᠡᠭᠴᠢᠯᠡᠵᠦ᠂ ᠤᠨᠴᠠᠯᠢᠬᠳᠤ ᠬᠢᠴᠢᠶᠡᠯ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠡᠷᠭᠢᠯᠡᠬᠦ | ᠣᠶᠢᠯᠠᠭᠠᠭᠳᠠᠬᠤᠨ ᠵᠡᠷᠭᠡ ᠲᠠᠯ᠎ᠠ ᠪᠠᠷ ᠬᠢᠯᠠᠰ ᠴᠡᠭ ᠢ ᠪᠣᠶ ᠪᠣᠯᠭᠠᠵᠤ᠂ ︽ᠨᠢᠭᠡ ᠰᠤᠷᠭᠠᠭᠤᠯᠢ ᠨᠢᠭᠡ ᠪᠦᠲᠦᠭᠡᠭᠳᠡᠬᠦᠨ︾ | ᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠪᠡ᠃ | ᠲᠣᠰ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠵᠦ᠂ ᠴᠢᠭᠯᠡᠯ ᠢᠶᠠᠨ ᠲᠣᠳᠣᠷᠬᠠᠶᠢᠯᠠᠨ᠂ ᠢᠲᠡᠭᠡᠯ ᠵᠣᠷᠢᠭ ᠢᠶᠠᠨ ᠪᠠᠲᠤᠳᠬᠠᠪᠠ᠃ ᠴᠢᠩᠱᠠᠨ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠡᠨ ᠬᠦ | ᠠᠳᠬᠤᠨ ᠪᠣᠳᠠᠲᠠᠶ ᠠᠵᠢᠯᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ | ᠬᠠᠷᠠᠭᠠᠯᠵᠠᠯ ᠦᠵᠡᠭᠦᠯᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠨ ᠬᠥᠮᠦᠵᠢᠯ ᠤᠨ ᠥᠨᠳᠦᠷᠯᠢᠭ ᠢ | ᠴᠣᠭᠴᠠᠯᠠᠬᠤ ᠶᠢᠨ ᠲᠥᠯᠥᠭᠡ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ | ᠰᠠᠶᠢᠲᠤᠷ ᠡᠷᠭᠢᠯᠡᠨ᠎ᠡ᠃ | | | | | | |