ᠨᠠᠮ ᠤᠨ ᠪᠠᠶᠢᠭᠤᠯᠤᠯᠲᠠ ᠶᠢᠨ ︽ᠭᠤᠷᠪᠠ ᠶᠢ ᠲᠥᠪᠯᠡᠷᠡᠭᠦᠯᠬᠦ︾᠎ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ    ᠬᠢᠨᠠᠨ ᠪᠤᠳᠤᠬᠤ ᠠᠵᠢᠯ ᠤᠨ ᠰᠢᠨ᠎ᠡ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ
ᠨᠡᠶᠢᠲᠡᠯᠡᠭᠰᠡᠨ ᠴᠠᠭ᠄
2025/4/8
      ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ︽ᠭᠤᠷᠪᠠ ᠶᠢ ᠲᠥᠪᠯᠡᠷᠡᠭᠦᠯᠬᠦ︾᠎ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠬᠤ ᠠᠵᠢᠯ ᠤᠨ ᠰᠢᠨ᠎ᠡ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠬᠢᠨᠠᠨ ᠪᠤᠳᠤᠬᠤ ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾᠎ ᠶᠢᠨ ᠦᠷ᠎ᠡ ᠪᠦᠲᠦᠮᠵᠢ ᠶᠢ ᠨᠡᠩ ᠰᠠᠶᠢᠲᠤᠷ ᠪᠠᠳᠠᠷᠠᠭᠤᠯᠤᠨ᠎ᠠ᠃      ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠦᠷᠢᠵᠢᠭᠤᠯᠤᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠬᠢᠨᠠᠨ ᠪᠤᠳᠤᠬᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠶᠢᠨ ᠠᠵᠢᠯ ᠤᠨ ᠶᠡᠷᠦᠩᠬᠡᠶ ᠪᠠᠶᠢᠷᠢᠰᠢᠭᠤᠯᠤᠯᠲᠠ ᠳᠤ ᠣᠷᠣᠭᠤᠯᠵᠤ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠬᠠᠮᠲᠤ ᠳᠤᠨᠢ ᠬᠢᠨᠠᠨ ᠰᠢᠯᠭᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠨᠠᠮ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠠᠵᠢᠯᠯᠠᠭᠠᠨ ᠤ ᠴᠢᠨᠠᠷ ᠢᠶᠠᠷ ᠴᠢᠩᠭ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠲᠣᠭᠲᠠᠭᠠᠨ᠂ ᠪᠠᠭ ᠤᠨ ᠪᠦᠷᠢᠯᠳᠦᠬᠦᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠡᠶ᠎ᠡ ᠪᠠᠷ ᠢᠶᠠᠨ ᠠᠳᠬᠤᠬᠤ᠂ ᠪᠠᠭ ᠤᠨ ᠪᠦᠷᠢᠯᠳᠦᠬᠦᠨ ᠠᠵᠢᠯ ᠢᠶᠠᠨ ᠬᠤᠪᠢᠳᠠᠨ ᠠᠳᠬᠤᠬᠤ᠂ ᠨᠠᠮ ᠤᠨ ᠡᠭᠦᠷ ᠪᠣᠳᠠᠲᠠᠶ ᠨᠠᠶᠢᠳᠠᠪᠤᠷᠢᠵᠢᠭᠤᠯᠬᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃      ᠬᠤᠶᠠᠷ ᠲᠤ᠂ ᠭᠤᠣᠯᠯᠠᠭᠴᠢ ᠬᠦᠴᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠪᠦᠯᠬᠦᠮ ᠤᠨ ᠬᠦᠴᠦᠨ ᠢ ᠴᠢᠩᠭᠠᠷᠠᠭᠤᠯᠤᠨ᠎ᠠ᠃ ᠵᠠᠯᠠᠭᠤ ᠺᠠᠳ᠋ᠷᠴᠤᠳ ᠤᠨ ᠦᠢᠯᠡᠳᠦᠯᠭᠡ ᠶᠢᠨ ᠲᠤᠷᠰᠢᠯᠭ᠎ᠠ ᠴᠥᠭᠡᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠵᠠᠯᠠᠭᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠷᠢᠭᠲᠠᠢ ᠪᠠᠷ ᠬᠢᠨᠠᠨ ᠪᠤᠳᠤᠬᠤ ᠲᠦᠷᠦᠯ ᠵᠦᠢᠯ ᠳᠤ ᠣᠷᠣᠯᠴᠠᠭᠤᠯᠤᠨ᠎ᠠ᠃ ᠰᠤᠷᠤᠯᠴᠠᠯᠭ᠎ᠠ ᠶᠢᠨ ᠬᠡᠯᠪᠡᠷᠢ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ︽ᠬᠢᠨᠠᠨ ᠪᠤᠳᠤᠬᠤ ᠶᠠᠷᠢᠶᠠᠨ ᠤ ᠲᠠᠩᠬᠢᠮ︾᠎ ᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ 6 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠬᠢᠨᠠᠨ ᠪᠤᠳᠤᠬᠤ ᠺᠠᠳ᠋ᠷ ︽ᠬᠥᠮᠦᠨ ᠪᠦᠬᠦᠨ ᠲᠠᠶᠢᠰᠠᠨ ᠳᠤ ᠭᠠᠷᠴᠤ ᠶᠠᠷᠢᠬᠤ︾᠎ ᠪᠠᠷ ᠳᠠᠮᠵᠢᠭᠤᠯᠤᠨ ᠬᠢᠨᠠᠨ ᠪᠤᠳᠤᠬᠤ ᠺᠠᠳ᠋ᠷᠴᠤᠳ ᠤᠨ ︽ᠴᠠᠬᠢᠯᠭᠠᠨ ᠴᠡᠨᠡᠭᠯᠡᠬᠦ︾᠎ ᠳᠤ ᠲᠠᠰᠤᠷᠠᠯᠲᠠ ᠥᠬᠡᠶ ᠴᠢᠳᠠᠪᠤᠷᠢ ᠣᠯᠭᠤᠵᠤ᠂ ᠺᠠᠳ᠋ᠷ ᠠᠵᠢᠯᠲᠠᠨ ᠤ ᠤᠯᠤᠰ ᠲᠥᠷᠥ ᠶᠢᠨ ᠴᠢᠳᠠᠪᠤᠷᠢ᠂ ᠰᠡᠳᠬᠢᠬᠦᠶ ᠶᠢᠨ ᠴᠢᠳᠠᠪᠤᠷᠢ᠂ ᠦᠢᠯᠡᠳᠦᠯᠬᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠤᠳᠤᠬᠤ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠶᠡᠭᠡ ᠪᠠᠷ ᠪᠣᠶ ᠪᠣᠯᠭᠠᠵᠤ᠂ ᠬᠢᠨᠠᠨ ᠪᠤᠳᠤᠬᠤ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠦᠨ ᠳᠡᠭᠡᠭᠰᠢᠯᠡᠭᠦᠯᠦᠨ᠎ᠡ᠃      ᠭᠤᠷᠪᠠ ᠳᠤ᠂ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠪᠠᠳᠠᠷᠠᠭᠤᠯᠤᠨ᠎ᠠ᠃ ᠬᠢᠨᠠᠨ ᠪᠤᠳᠤᠬᠤ ᠠᠵᠢᠯ ᠢ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠪᠤᠳᠤᠬᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠢᠨᠠᠨ ᠪᠤᠳᠤᠬᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠨᠠᠮ ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠨ ᠪᠤᠳᠤᠭᠳᠠᠵᠦ ᠪᠠᠶᠢᠭ᠎ᠠ ᠨᠢᠭᠡᠴᠢ ᠳᠤ ᠭᠦᠨᠵᠡᠭᠡᠶᠢᠷᠡᠵᠦ᠂ ᠪᠣᠳᠠᠲᠠᠢ ᠪᠠᠶᠢᠳᠠᠯ ᠢ ᠣᠶᠢᠯᠠᠭᠠᠪᠠ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠪᠠ ᠨᠡᠶᠢᠭᠡᠮ ᠤᠨ ᠬᠠᠯᠠᠮᠰᠢᠯ ᠠᠰᠠᠭᠤᠳᠠᠯ ᠢ ᠢᠳᠡᠪᠬᠢᠲᠡᠢ ᠠᠩᠬᠠᠷᠴᠤ᠂ ᠰᠤᠷᠭᠠᠨ ᠬᠥᠮᠥᠵᠢᠯ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠡᠯᠡ ᠮᠥᠩᠭᠦ ᠪᠠ ᠲᠥᠷᠥᠯ ᠵᠦᠢᠯ ᠳᠤ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠤᠨ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ ᠨᠠᠮ ᠤᠨ ᠭᠡᠰᠢᠭᠦᠨ ᠺᠠᠳ᠋ᠷ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠬᠦ ᠵᠡᠷᠭᠡ ᠳᠤ ᠬᠦᠴᠦᠨ ᠴᠢᠳᠠᠯ ᠢᠶᠠᠨ ᠡᠷᠭᠦᠵᠦ᠂ ᠬᠢᠨᠠᠨ ᠪᠤᠳᠤᠬᠤ ᠪᠠᠶᠢᠭᠤᠯᠭ᠎ᠠ ᠶᠢᠨ ᠨᠠᠮ ᠤᠨ ᠭᠡᠰᠢᠭᠦᠨ ᠤ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠦᠨ᠎ᠡ᠃      ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠨᠠᠮ ᠤᠨ ᠪᠠᠶᠢᠭᠤᠯᠤᠯᠲᠠ ᠶᠢᠨ ︽ᠭᠤᠷᠪᠠ ᠶᠢ ᠲᠥᠪᠯᠡᠷᠡᠭᠦᠯᠬᠦ︾᠎ ᠶᠢ ᠪᠠᠷᠢᠮᠲᠠᠯᠠᠬᠤ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠪᠣᠯᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠬᠢᠨᠠᠨ ᠪᠤᠳᠤᠬᠤ ᠠᠵᠢᠯ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号