ᠣᠶᠢᠷ᠎ᠠ ᠳᠤ᠂ ᠴᠢᠩ ᠹᠦ᠋ ᠪᠠᠯᠭᠠᠰᠤᠨ ᠤ ᠶᠢᠨ ᠬᠠᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠵᠠᠷᠯᠠᠯ ᠨᠠᠭᠠᠬᠤ᠂ ᠸᠢᠴᠠᠲ ᠤᠨ | ᠴᠤᠭᠯᠠᠷᠠᠯ ᠳᠤ ᠰᠠᠨᠠᠭᠤᠯᠬᠤ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠲᠣᠬᠢᠷᠠᠭᠤᠯᠤᠨ ᠬᠡᠷ ᠲᠤᠨᠢ ᠬᠦᠷᠴᠦ | ᠲᠠᠶᠢᠯᠪᠤᠷᠢᠯᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠤᠭ | ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠭᠦᠢᠴᠡᠳ ᠣᠶᠢᠯᠠᠭᠠᠭᠤᠯᠵᠤ᠂ ᠣᠯᠠᠨ ᠢ ᠬᠥᠲᠥᠯᠥᠨ ᠵᠢᠯᠣᠭᠤᠳᠴᠤ | ᠪᠠᠶᠢᠭᠠᠳ ᠲᠣᠰ ᠪᠡᠶ᠎ᠡ ᠠᠴᠠ ᠪᠠᠨ ᠡᠬᠢᠯᠡᠨ ᠬᠢᠯᠭᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ | ᠡᠳᠦᠷ ᠲᠤᠲᠤᠮ ᠤᠨ ᠠᠮᠢᠳᠤᠷᠠᠯ ᠳᠤ ᠦᠨᠡᠨ ᠬᠦ ᠦᠢᠯᠡᠳᠦᠯᠭᠡᠵᠢᠭᠦᠯᠪᠡ᠃ | ᠣᠳᠣᠬᠠᠨ ᠳᠤ᠂ ᠬᠤᠭ ᠨᠣᠪᠰᠢ ᠶᠢ ᠲᠥᠷᠥᠯ ᠬᠤᠪᠢᠶᠠᠬᠤ ᠨᠢ ᠶᠢᠨ ᠬᠠᠢ ᠨᠡᠶᠢᠭᠡᠮ ᠲᠣᠭᠤᠷᠢᠭ ᠲᠤ ᠠᠩᠬ᠎ᠠ | ᠠᠯᠬᠤᠮ ᠦᠷ᠎ᠡ ᠪᠦᠲᠦᠮᠵᠢ ᠲᠠᠢ ᠪᠤᠯᠵᠦ᠂ ᠵᠢᠵᠢᠭ ᠲᠣᠭᠤᠷᠢᠭ ᠲᠤ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ | ᠦᠵᠡᠭᠳᠡᠯ ᠪᠠᠭᠠᠰᠴᠤ᠂ ᠵᠢᠵᠢᠭ ᠲᠣᠭᠤᠷᠢᠭ ᠨᠢᠭᠡᠪᠦᠷᠢ ᠳᠤ ᠴᠥᠮ ᠳᠥᠷᠪᠡᠨ ᠥᠩᠭᠡᠲᠦ ᠬᠤᠭ ᠨᠣᠪᠰᠢ ᠶᠢᠨ ᠰᠠᠪᠠ | ᠲᠣᠬᠢᠷᠠᠭᠤᠯᠵᠤ᠂ ᠲᠥᠷᠥᠯ ᠬᠤᠪᠢᠶᠠᠨ ᠬᠠᠶᠠᠬᠤ ᠬᠥᠮᠦᠨ ᠴᠦ ᠣᠯᠠᠰᠢᠷᠠᠵᠤ᠂ ᠠᠳᠠᠯ ᠠᠬᠤᠶ ᠶᠢᠨ ᠬᠥᠮᠦᠰ ᠪᠠᠰᠠ | ᠲᠣᠭᠲᠠᠭᠰᠠᠨ ᠴᠠᠭ ᠲᠤ ᠴᠡᠪᠡᠷᠯᠡᠵᠦ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ | ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ | ᠬᠤᠭ ᠨᠣᠪᠰᠢ ᠶᠢ ᠲᠥᠷᠥᠯ ᠬᠤᠪᠢᠶᠠᠬᠤ ᠨᠢᠭᠡ ᠤᠳᠠᠭᠠᠨ ᠤ ᠤᠳᠠᠭᠠᠨ ᠳᠠᠭᠠᠭᠠᠮᠠᠭᠠᠢ ᠶᠠᠪᠤᠳᠠᠯ ᠪᠣᠯᠬᠤᠷ | ᠪᠢᠳᠡ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠤᠳᠠᠭ᠎ᠠ ᠪᠦᠷᠢ ᠶᠢᠨ ᠵᠥᠪ ᠲᠥᠷᠥᠯ ᠬᠤᠪᠢᠶᠠᠬᠤ ᠠᠴᠠ | ᠡᠬᠢᠯᠡᠨ᠂ ᠪᠢᠳᠡ ᠡᠪᠡᠳᠴᠢᠨ ᠤ ᠪᠠᠺᠲ᠋ᠧᠷᠢ ᠥᠬᠡᠶ᠂ ᠪᠣᠬᠢᠷᠲᠤᠯ ᠥᠬᠡᠶ᠂ ᠪᠦᠷᠢᠯᠭᠡᠬᠦ ᠥᠬᠡᠶ ᠡᠷᠡᠭᠦᠯ ᠮᠡᠨᠳᠦ ᠶᠢᠨ ᠬᠡᠷ | ᠣᠷᠣᠨ ᠢ ᠬᠠᠮᠲᠤ ᠪᠠᠷ ᠪᠣᠶ ᠪᠤᠯᠭᠠᠶ᠎ᠠ᠃ |