ᠪᠥᠬᠦ ᠣᠷᠣᠨ ᠤᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠪᠠ ᠪᠠᠷᠢᠮᠵᠢᠶᠠᠵᠢᠭᠰᠠᠨ ᠡᠵᠡᠩᠨᠡᠯᠲᠡ ᠶᠢ ᠤᠯᠠᠮ | ᠨᠢᠭᠡ ᠠᠯᠬᠤᠮ ᠠᠬᠢᠭᠤᠯᠵᠤ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ | ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2023﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ | ᠢᠳᠡᠪᠬᠢᠲᠡᠶ ᠬᠠᠮᠵᠢᠯᠴᠠᠨ ᠪᠥᠬᠦ ᠲᠤᠭᠤᠷᠢᠭ ᠤᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠬᠡᠷ | ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠵᠡᠷᠭᠡ | ᠳᠡᠰ ᠢ ᠦᠨᠡᠯᠡᠨ ᠲᠣᠭᠲᠠᠭᠠᠬᠤ ᠠᠵᠢᠯ ᠥᠷᠨᠢᠭᠦᠯᠪᠡ᠃ | ᠡᠨᠡ ᠵᠢᠯ ᠤᠨ 3 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠺᠣᠮᠢᠰ ᠤᠨ ᠲᠤᠬᠠᠶ ᠶᠢᠨ ᠲᠠᠯᠠᠪᠠᠶ ᠶᠢᠨ ᠦᠨᠡᠯᠡᠨ | ᠵᠢᠱᠢᠯᠲᠡ ᠪᠠᠷ ᠳᠡᠮᠵᠢᠨ᠂ ᠴᠢᠩᠱᠠᠨ ᠲᠣᠭᠤᠷᠢᠭ ᠤᠨ ᠵᠧᠨ ᠬᠤᠸᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ | ᠦᠢᠯᠡᠴᠢᠯᠡᠭᠡᠨ ᠤ ᠲᠥᠪ ︵ᠵᠧᠨ ᠬᠤᠸᠠ ᠨᠡᠶᠢᠭᠡᠮ ᠲᠣᠭᠤᠷᠢᠭ ᠤᠨ ᠨᠠᠰᠤᠲᠠᠳ ᠤᠨ ᠠᠰᠠᠷᠠᠮᠵᠢ ᠶᠢᠨ ᠬᠦᠷᠢᠶᠡᠯᠡᠩ ᠤᠨ | ᠬᠤᠶᠠᠳᠤᠭᠠᠷ ᠥᠷᠲᠡᠭᠡ︶ ᠡᠴᠦᠰ ᠤᠨ ᠬᠢᠨᠠᠯᠲᠠ ᠶᠢ ᠤᠷᠤᠭᠰᠢᠲᠠᠶ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ | 4A ᠲᠠᠰ ᠤᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠪᠠᠷ ᠦᠨᠡᠯᠡᠭᠳᠡᠪᠡ᠂ ᠡᠨᠡ ᠪᠣᠯ ᠴᠢᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠤᠨ ᠬᠦᠷᠢᠶᠡᠨ ᠳᠤ ᠣᠯᠤᠭᠰᠠᠨ ᠪᠠᠰᠠ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠤᠨ᠎ᠠ᠃ | ᠴᠢᠩᠱᠠᠨ ᠲᠣᠭᠤᠷᠢᠭ ᠤᠨ ᠵᠧᠨ ᠬᠤᠸᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠦᠢᠯᠡᠴᠢᠯᠡᠭᠡᠨ ᠤ | ᠲᠥᠪ ︵ᠵᠧᠨ ᠬᠤᠸᠠ ᠨᠡᠶᠢᠭᠡᠮ ᠲᠣᠭᠤᠷᠢᠭ ᠤᠨ ᠨᠠᠰᠤᠲᠠᠳ ᠤᠨ ᠠᠰᠠᠷᠠᠮᠵᠢ ᠶᠢᠨ ᠬᠦᠷᠢᠶᠡᠯᠡᠩ ᠤᠨ ᠬᠤᠶᠠᠳᠤᠭᠠᠷ | ᠥᠷᠲᠡᠭᠡ︶ ᠤᠨ ᠶᠡᠷᠦᠩᠬᠡᠶ ᠲᠠᠯᠠᠪᠠᠶ 3700 ᠲᠡᠭᠰᠢ ᠳᠥᠷᠪᠡᠯᠵᠢᠨ ᠮᠧᠲᠷ᠂ 1 —3 ᠳ᠋ᠤᠭᠠᠷ ᠳᠠᠪᠬᠤᠷᠭ᠎ᠠ ᠨᠢ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ᠎ᠠ᠂ 4 — 5 ᠳ᠋ᠤᠭᠠᠷ | ᠳᠠᠪᠬᠤᠷᠭ᠎ᠠ ᠳᠤ ᠨᠠᠰᠤᠵᠢᠯ ᠤᠨ ᠣᠷᠣ 52 ᠲᠣᠬᠢᠷᠠᠭᠤᠯᠵᠤ᠂ ᠡᠮᠴᠢᠯᠡᠭᠡᠨ ᠤ ᠰᠤᠪᠢᠯᠠᠯᠲᠠ᠂ ᠡᠷᠡᠭᠦᠯᠵᠢᠯ ᠤᠨ ᠹᠢᠽᠢᠺ | ᠵᠠᠰᠠᠯ᠂ ᠰᠢᠮ᠎ᠡ ᠲᠡᠵᠢᠭᠡᠯ ᠤᠨ ᠬᠤᠭᠤᠯᠠ ᠲᠣᠬᠢᠷᠠᠭᠤᠯᠬᠤ᠂ ᠬᠠᠯᠠᠮᠵᠢᠯᠠᠨ ᠬᠠᠶᠢᠷᠠᠯᠠᠬᠤ ᠵᠡᠷᠭᠡ ᠨᠠᠰᠤᠵᠢᠯ ᠤᠨ | ᠦᠢᠯᠡᠴᠢᠯᠡᠭᠡ ᠬᠠᠩᠭᠠᠵᠤ᠂ ᠬᠢᠲᠠᠳ᠂ ᠡᠸᠦ᠋ᠷᠦᠫᠡ ᠡᠮᠴᠢᠯᠡᠭᠡᠨ ᠤ ᠪᠦᠯᠬᠦᠮ ᠪᠠ ᠲᠤᠰᠬᠠᠶ ᠮᠡᠷᠭᠡᠵᠢᠯ ᠤᠨ | ᠰᠤᠪᠢᠯᠠᠯᠲᠠ ᠶᠢᠨ ᠰᠢᠯᠢᠳᠡᠭ ᠬᠥᠮᠦᠰ ᠢ ᠲᠣᠬᠢᠷᠠᠭᠤᠯᠬᠤ ᠪᠠᠷ ᠳᠠᠮᠵᠢᠭᠤᠯᠤᠨ᠂ ᠡᠮᠨᠡᠯᠭᠡ ᠶᠢᠨ ᠬᠤᠷᠢᠶ᠎ᠠ ᠳᠤ ᠪᠠᠶᠢᠭ᠎ᠠ | ᠬᠥᠮᠦᠰ ᠲᠤ ᠴᠢᠨᠠᠷ ᠰᠠᠶᠢᠲᠠᠶ ᠡᠮᠴᠢᠯᠡᠭᠡᠨ ᠤ ᠪᠠᠲᠤᠯᠠᠭ᠎ᠠ ᠪᠠ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ᠂ | ᠡᠮᠴᠢᠯᠡᠭᠡ ᠰᠤᠪᠢᠯᠠᠯᠲᠠ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠡᠷᠭᠢᠨ | ᠲᠣᠭᠤᠷᠢᠨ ᠤ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ | ᠪᠣᠯᠵᠤ᠂ ᠲᠤᠰᠬᠠᠶ ᠰᠢᠯᠵᠢᠭᠦᠯᠦᠨ ᠡᠮᠨᠡᠭᠦᠯᠬᠦ ᠲᠡᠷᠭᠡ ᠬᠥᠰᠬᠡ ᠲᠣᠬᠢᠷᠠᠭᠤᠯᠵᠤ᠂ ᠡᠮᠨᠡᠯᠭᠡ ᠳᠤ ᠪᠠᠶᠢᠭ᠎ᠠ ᠨᠠᠰᠤᠲᠠᠳ ᠤᠨ | ᠪᠠᠴᠢᠮ ᠡᠪᠡᠳᠴᠢᠨ ᠲᠠᠢ ᠬᠦᠨᠳᠦ ᠡᠪᠡᠳᠴᠢᠨ ᠢ ᠰᠢᠯᠵᠢᠭᠦᠯᠦᠨ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠴᠠᠭ | ᠲᠤᠬᠠᠶ ᠳᠤᠨᠢ ᠠᠷᠭᠠᠴᠠᠨ᠎ᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠣᠰ | ᠤᠳᠠᠭᠠᠨ ᠤ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ︽ᠰᠠᠭᠤᠷᠢ ᠪᠦᠲᠦᠭᠡᠨ ᠪᠠᠶᠢᠭᠤᠯᠤᠯᠲᠠ— ᠶᠠᠰᠤ ᠴᠢᠨᠠᠷ ᠢ ᠳᠡᠭᠡᠭᠰᠢᠯᠡᠭᠦᠯᠬᠦ —ᠨᠠᠷᠠᠲᠤ ᠲᠥᠷᠥᠯ ᠲᠡᠮᠳᠡᠭᠲᠦ ᠶᠢ | ᠡᠭᠦᠳᠦᠨ ᠪᠠᠶᠢᠭᠤᠯᠬᠤ︾ ᠪᠥᠬᠦ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ | ᠲᠠᠰ ᠵᠡᠷᠭᠡ ᠶᠢ ᠦᠨᠡᠯᠡᠨ ᠲᠣᠭᠲᠠᠭᠠᠬᠤ ︽ᠳᠣᠬᠢᠭᠤᠷ︾ ᠤᠨ ᠦᠢᠯᠡᠳᠦᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ | ᠣᠷᠣᠨ ᠤ ᠬᠡᠷ ᠲᠡᠭᠡᠨ ᠰᠠᠭᠤᠵᠤ ᠪᠠᠶᠢᠭ᠎ᠠ 53 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠢ | ︽ᠪᠥᠬᠦ ᠴᠠᠷᠠᠭ᠎ᠠ ᠶᠢ ᠬᠠᠮᠤᠷᠬᠤ︾ ᠠᠴᠠ ︽ᠪᠥᠬᠦ ᠴᠠᠷᠠᠭ᠎ᠠ ᠶᠢ ᠰᠢᠯᠢᠳᠡᠭᠵᠢᠭᠦᠯᠬᠦ︾ ᠳᠠᠰᠢ ᠳᠡᠭᠡᠭᠰᠢᠯᠡᠭᠦᠯᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | | | | | | |