ᠣᠶᠢᠷ᠎ᠠ ᠳᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ | ᠤᠬᠠᠭᠤᠯᠭ᠎ᠠ ᠶᠢᠨ ᠠᠵᠢᠯᠯᠠᠭ᠎ᠠ ᠸᠠᠨ ᠵᠢᠶᠦ᠋ᠨ ᠨᠡᠶᠢᠭᠡᠮ ᠲᠣᠭᠤᠷᠢᠭ ᠲᠤ ᠪᠥᠬᠦ ᠲᠠᠯ᠎ᠠ ᠪᠠᠷ ᠡᠬᠢᠯᠡᠵᠦ᠂ ᠬᠥᠷᠰᠢ | ᠵᠡᠷᠭᠡᠯᠡᠳᠡᠭᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠡᠶ᠎ᠡ ᠵᠣᠬᠢᠴᠠᠯ ᠲᠠᠢ ᠠᠭᠤᠷ | ᠠᠮᠢᠰᠬᠤᠯ ᠢ ᠨᠡᠶᠢᠭᠡᠮ ᠲᠣᠭᠤᠷᠢᠭ ᠲᠤ ᠪᠥᠬᠦ ᠲᠠᠯ᠎ᠠ ᠪᠠᠷ ᠥᠷᠨᠢᠭᠦᠯᠪᠡ᠃ 5 ᠰᠠᠷ᠎ᠠ ᠶᠢᠨ 8 ᠤ ᠡᠳᠦᠷ᠂ ᠸᠠᠨ ᠵᠢᠶᠦ᠋ᠨ | ᠨᠡᠶᠢᠭᠡᠮ ᠲᠣᠭᠤᠷᠢᠭ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠵᠤ᠂ ᠬᠤᠷᠠᠯ ᠢ ᠨᠡᠶᠢᠭᠡᠮ ᠲᠣᠭᠤᠷᠢᠭ ᠤᠨ ᠦᠨᠳᠦᠰᠦᠲᠡᠨ | ᠱᠠᠰᠢᠨ ᠰᠤᠷᠳᠠᠬᠤᠨ ᠤ ᠲᠤᠰᠠᠯᠠᠭᠴᠢ ᠡᠷᠭᠢᠯᠡᠵᠦ᠂ ᠪᠥᠬᠦ ᠠᠵᠢᠯᠲᠠᠳ ᠬᠤᠷᠠᠯ ᠳᠤ ᠣᠷᠣᠯᠴᠠᠵᠠᠶ᠃ | ᠬᠤᠷᠠᠯ ᠠᠴᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠳᠤ ᠡᠷᠬᠡᠪᠰᠢ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠬᠦ ᠶᠢ | ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠨᠢ ᠦᠨᠳᠦᠰᠦᠨ ᠱᠠᠲᠤᠨ ᠤ ᠵᠠᠰᠠᠯᠲᠠ ᠶᠢᠨ ᠵᠠᠩᠭᠢᠯᠠᠭ᠎ᠠ ᠶᠢᠨ | ᠭᠤᠭᠴᠤᠭ᠎ᠠ ᠪᠣᠯᠤᠭᠰᠠᠨ ᠤ ᠬᠤᠪᠢ ᠳᠤ᠂ ᠪᠥᠬᠦ ᠠᠵᠢᠯᠲᠠᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠭᠴᠢ | ᠪᠣᠯᠵᠣ᠂ ᠲᠡᠳᠡᠨᠤᠰ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠠᠷᠢᠶ᠎ᠠ ᠣᠷᠣᠨ ᠳᠠᠭᠠᠨ ᠬᠥᠮᠦᠨ | ᠪᠦᠬᠦᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠠᠯᠠᠮᠵᠢᠯᠠᠬᠤ᠂ ᠬᠥᠮᠦᠨ ᠪᠦᠬᠦᠨ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠬᠤᠷᠠᠯ ᠠᠴᠠ ᠭᠠᠷᠭᠠᠭᠰᠠᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ | ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠬᠤᠤᠰ ᠱᠤᠭᠤᠮ ᠢ ᠵᠡᠷᠭᠡ ᠪᠠᠷ ᠤᠬᠠᠭᠤᠯᠬᠤ ᠠᠷᠭ᠎ᠠ | ᠪᠣᠳᠣᠯᠭ᠎ᠠ ᠶᠢ ᠬᠡᠷᠡᠭᠯᠡᠪᠡ᠃ ᠰᠦᠯᠵᠢᠶᠡᠨ ᠳᠡᠭᠡᠷ᠎ᠡ᠂ ᠰᠦᠯᠵᠢᠶᠡᠨ ᠤ ᠰᠦᠷᠦᠭᠵᠢᠯ ᠢ ᠭᠦᠢᠴᠡᠳ ᠠᠰᠢᠭᠯᠠᠨ᠂ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ | ᠮᠡᠳᠡᠯᠭᠡ ᠶᠢ ᠥᠨᠳᠥᠷ ᠳᠠᠪᠲᠠᠮᠵᠢ ᠪᠠᠷ ᠬᠦᠷᠭᠡᠬᠦ ᠶᠢᠨ ᠬᠠᠮᠲᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠤ | ᠣᠷᠣᠯᠴᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠦᠨᠳᠦᠰᠦᠲᠡᠨ ᠨᠦᠭᠦᠳ ᠤᠨ | ᠰᠠᠭᠤᠭᠠᠯᠢ ᠠᠷᠠᠳ ᠲᠤ ︽ᠢᠯᠭᠠᠭ᠎ᠠ ᠦᠭᠡᠢ ᠪᠠᠷ ᠬᠦᠷᠭᠡᠬᠦ︾ ᠶᠢ ᠦᠨᠡᠨ ᠬᠦ ᠪᠠᠲᠤᠯᠠᠵᠤ᠂ ᠣᠯᠠᠨ ᠡᠰᠢᠲᠦ | ᠬᠠᠮᠲᠤᠯᠢᠭ ᠤᠨ ᠳᠤᠮᠳᠠ ᠬᠠᠮᠲᠤ ᠪᠠᠷ ᠲᠠᠨᠢᠨ ᠮᠡᠳᠡᠬᠦ ᠰᠠᠭᠤᠷᠢ ᠶᠢ ᠪᠠᠶᠢᠭᠤᠯᠤᠨ᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ︾ ᠶᠢᠨ ᠦᠵᠡᠯ ᠤᠬᠠᠮᠰᠠᠷ ᠢ ᠴᠢᠩᠭᠠᠳᠬᠠᠪᠠ᠃ | ᠰᠦᠯᠵᠢᠶᠡᠨ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠳᠦᠷ ᠲᠤᠲᠤᠮ ᠤᠨ ᠰᠤᠷᠪᠤᠯᠵᠢᠯᠠᠬᠤ | ᠶᠠᠪᠤᠴᠠ ᠳᠤ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠤᠬᠠᠭᠤᠯᠭ᠎ᠠ ᠶᠢ ᠠᠷᠠᠳ ᠤᠨ ᠪᠠᠶᠢᠳᠠᠯ ᠤᠨ | ᠪᠠᠶᠢᠴᠠᠭᠠᠨ ᠰᠤᠳᠤᠯᠤᠯᠲᠠ ᠲᠠᠢ ᠭᠦᠨᠵᠡᠭᠡᠶ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠰᠠᠭᠤᠭᠠᠯᠢ | ᠠᠷᠠᠳ ᠲᠤ ᠬᠠᠨᠳᠤᠭᠤᠯᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠨᠠᠷᠢᠨ ᠬᠢᠨᠠᠮᠠᠭᠠᠶ ᠴᠤᠭᠯᠠᠭᠤᠯᠵᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ︽ᠡᠷᠴᠢᠮ︾ ᠲᠠᠢ ᠮᠥᠷᠲᠡᠭᠡᠨ ᠪᠠᠰᠠ ︽ᠬᠠᠯᠠᠭᠤᠨ ᠳᠤᠯᠠᠭᠠᠨ︾ ᠲᠠᠢ | ᠪᠠᠶᠢᠯᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠠᠷᠢᠶᠠᠲᠤ ᠣᠷᠣᠨ ᠤ ᠥᠨᠥᠴᠢᠨ ᠪᠡᠯᠪᠡᠰᠦᠨ ᠨᠠᠰᠤᠲᠠᠨ᠂ | ᠵᠡᠮᠳᠡᠭ ᠬᠥᠮᠦᠰ ᠵᠡᠷᠭᠡ ᠣᠨᠴᠠᠭᠠᠶ ᠬᠥᠮᠦᠰ ᠲᠤ ᠴᠢᠭᠯᠡᠭᠦᠯᠦᠨ᠂ ᠲᠤᠤᠷᠵᠢᠯ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ | ︽ᠬᠡᠷ ᠲᠤᠨᠢ ᠬᠦᠷᠴᠦ ᠣᠷᠣᠯᠠᠨ ᠭᠦᠢᠴᠡᠳᠭᠡᠬᠦ︾ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠤᠮᠧᠲᠷ︾ ᠢ | ᠨᠡᠪᠲᠡᠷᠡᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠠᠪᠴᠢᠷᠠᠭᠰᠠᠨ ᠬᠠᠯᠠᠭᠤᠨ ᠳᠤᠯᠠᠭᠠᠨ ᠪᠠ ᠪᠣᠳᠠᠲᠤ ᠠᠰᠢᠭ ᠲᠤᠰᠠ ᠶᠢ ᠦᠨᠡᠨ ᠬᠦ ᠮᠡᠳᠡᠷᠡᠭᠦᠯᠪᠡ᠃ | ᠲᠣᠰ ᠤᠳᠠᠭᠠᠨ ᠤ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠤᠭᠰᠠᠨ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ | ᠰᠡᠳᠬᠢᠯ ᠤᠨ ᠭᠦᠨ ᠳᠤ ᠦᠨᠳᠦᠰᠦᠯᠡᠭᠦᠯᠬᠦ ᠶᠢ ᠪᠦᠲᠦᠮᠵᠢᠲᠡᠶ ᠠᠬᠢᠭᠤᠯᠵᠤ᠂ ᠦᠨᠳᠦᠰᠦᠲᠡᠨ ᠨᠦᠭᠦᠳ ᠤᠨ ᠰᠠᠭᠤᠭᠠᠯᠢ | ᠠᠷᠠᠳ ᠤᠨ ᠪᠥᠬᠦ ᠲᠠᠯ᠎ᠠ ᠪᠠᠷ ᠬᠠᠷᠢᠯᠴᠠᠬᠤ᠂ ᠥᠷᠭᠡᠨ ᠢᠶᠠᠷ ᠰᠣᠯᠢᠯᠴᠠᠬᠤ᠂ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ | ᠨᠡᠶᠢᠭᠡᠮ ᠲᠣᠭᠤᠷᠢᠭ ᠤᠨ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠷᠢᠰᠢᠵᠤ | ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ | ᠵᠢᠷᠭᠠᠬᠤ ᠨᠡᠶᠢᠭᠡᠮ ᠤᠨ ᠨᠥᠬᠦᠴᠡᠯ ᠢ ᠪᠣᠶ ᠪᠣᠯᠭᠠᠪᠠ᠃ | | | | |