5 ᠰᠠᠷ᠎ᠠ ᠶᠢᠨ 8 ᠤ ᠡᠳᠦᠷ᠂ ᠥᠷᠭᠡᠨ ᠣᠯᠠᠨ ᠬᠠᠶᠢᠷ᠎ᠠ ᠬᠠᠯᠠᠮᠵᠢ ᠲᠠᠢ ᠬᠥᠮᠦᠰ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠰᠢᠨ᠎ᠡ | ᠠᠶᠠᠨ ᠵᠦᠭ ᠤᠷᠤᠭᠰᠢᠯᠠᠬᠤ ᠶᠢ ᠤᠷᠢᠶᠠᠯᠠᠬᠤ ᠶᠢᠨ ᠲᠥᠯᠥᠭᠡ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭᠡᠴᠠ | ᠳᠠᠭᠠᠭᠠᠨ ᠡᠷᠬᠢᠯᠡᠭᠰᠡᠨ 78 ᠳ᠋ᠤᠭᠠᠷ ︽ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ︾ ︽5 · 8 ᠬᠥᠮᠦᠯᠢᠭ | ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠵᠢᠴᠢ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠭᠰᠠᠨ︾ 20 ᠵᠢᠯ ᠤᠨ ᠣᠢ ᠶᠢ ᠳᠤᠷᠠᠰᠬᠠᠬᠤ ᠠᠵᠢᠯᠯᠠᠭ᠎ᠠ ᠰᠠᠶᠢᠬᠠᠨᠲᠠᠯ᠎ᠠ ᠴᠡᠴᠡᠷᠯᠢᠭ ᠲᠤ ᠶᠠᠪᠤᠭᠳᠠᠪᠠ᠃ | ᠲᠤᠬᠠᠶ ᠶᠢᠨ ᠲᠠᠯᠠᠪᠤᠷ ᠤᠨ ᠠᠵᠢᠯᠲᠠᠳ ᠣᠯᠠᠨ ᠲᠦᠮᠡᠨ ᠳᠤ ︽5 · 8 ᠬᠥᠮᠦᠯᠢᠭ ᠦᠵᠡᠯ ᠤᠨ ᠨᠡᠶᠢᠲᠡ ᠶᠢᠨ | ᠠᠰᠠᠷᠠᠮᠵᠢ ᠶᠢᠨ ᠡᠳᠦᠷ︾ ᠤᠨ ᠣᠯᠠᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠳᠠᠩᠰᠠᠯᠠᠬᠤ ᠠᠷᠭ᠎ᠠ ᠵᠢᠴᠢ | ᠶᠠᠪᠤᠴᠠ ᠶᠢ ᠲᠠᠨᠢᠯᠴᠠᠭᠤᠯᠵᠤ᠂ ᠣᠯᠠᠨ ᠢᠶᠠᠷ ᠢᠶᠠᠨ ᠢᠳᠡᠪᠬᠢᠲᠡᠶ ᠴᠤᠤᠷᠢᠶᠠᠲᠤᠨ ᠳᠠᠭᠠᠵᠤ᠂ ᠲᠤᠬᠠᠶ ᠶᠢᠨ ᠲᠠᠯᠠᠪᠤᠷ ᠲᠤ | ︽ᠬᠠᠮᠲᠤ ᠶᠠᠪᠤᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ 300 ᠭᠠᠷᠤᠶ ᠬᠥᠮᠦᠨ ᠳᠠᠩᠰᠠᠯᠠᠭᠤᠯᠵᠤ᠂ ︽5 | · 8 ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠤᠨ ᠣᠯᠠᠨ ᠨᠡᠶᠢᠲᠡ ᠶᠢᠨ ᠠᠰᠠᠷᠠᠮᠵᠢ ᠶᠢᠨ | ᠲᠥᠷᠥᠯ ᠵᠦᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠶ᠃ ᠪᠤᠭᠤᠲᠤ ᠶᠢᠨ ᠬᠥᠩᠭᠡᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 50 ᠣᠶᠤᠲᠠᠨ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠳᠡᠯᠭᠡᠨ ᠦᠵᠡᠭᠦᠯᠦᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠭᠰᠠᠭᠠᠯ ᠤᠨ | ᠲᠣᠭᠯᠠᠯᠲᠠ ᠨᠢ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠪᠥᠭᠡᠳ ᠲᠥᠪᠯᠡᠷᠡᠭᠦᠯᠦᠨ | ᠲᠣᠭᠯᠠᠭᠰᠠᠨ ᠤ ᠳᠠᠷᠠᠭ᠎ᠠ ᠰᠣᠨᠢᠷᠬᠠᠭᠰᠠᠨ ᠬᠤᠲᠠ ᠶᠢᠨ ᠠᠷᠠᠳ ᠲᠤ ᠲᠤᠬᠠᠶ ᠶᠢᠨ ᠲᠠᠯᠠᠪᠤᠷ ᠤᠨ ᠵᠢᠱᠢᠶ᠎ᠡ ᠦᠵᠡᠭᠦᠯᠬᠦ | ᠵᠢᠭᠠᠨ ᠰᠤᠷᠭᠠᠯᠲᠠ ᠬᠢᠵᠡᠶ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠲᠦᠷᠭᠡᠨ ᠠᠪᠤᠷᠠᠬᠤ ︵ᠰᠢᠯᠵᠢᠭᠦᠯᠦᠨ ᠵᠥᠭᠡᠭᠡᠪᠦᠷᠢᠯᠡᠬᠦ︶ | ᠵᠢᠯᠣᠭᠤᠴᠢ ᠦᠭᠡᠢ ᠨᠢᠰᠬᠡᠯ︾ ᠤᠨ ᠪᠣᠳᠠᠲᠤ ᠪᠠᠶᠢᠯᠳᠤᠭᠠᠨ ᠤ ᠬᠡᠷᠡᠭᠯᠡᠭᠡᠨ ᠤ ᠰᠣᠷᠢᠯᠲᠠ ᠬᠢᠪᠡ᠃ ᠵᠢᠯᠣᠭᠤᠴᠢ ᠥᠬᠡᠶ | ᠨᠢᠰᠬᠡᠯ ᠰᠠᠶᠢᠬᠠᠨᠲᠠᠯ᠎ᠠ ︵ᠪᠠᠷᠠᠭᠤᠨ ᠬᠤᠶᠢᠲᠤ ᠡᠭᠦᠳᠡ︶ ᠠᠴᠠ ᠠᠭᠠᠷ ᠲᠤ ᠭᠠᠷᠴᠤ᠂ ᠡᠪᠡᠳᠴᠢᠲᠡᠨ ᠢ ᠠᠮᠤᠷ | ᠲᠦᠪᠰᠢᠨ ᠲᠣᠭᠲᠠᠭᠰᠠᠨ ᠣᠷᠣᠨ ᠪᠠᠶᠢᠷᠢ ᠳᠤ ᠰᠢᠯᠵᠢᠭᠦᠯᠵᠦ᠂ ᠠᠮᠤᠷ ᠲᠦᠪᠰᠢᠨ ᠤ ᠣᠷᠣᠨ ᠪᠦᠰᠡ ᠳᠤ | ᠬᠦᠷᠦᠭᠰᠡᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠬᠦᠯᠢᠶᠡᠵᠦ ᠪᠠᠶᠢᠭ᠎ᠠ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯᠲᠠᠨ ᠡᠪᠡᠳᠴᠢᠲᠡᠨ ᠳᠤ ︽ᠵᠢᠷᠦᠬᠡ ᠠᠭᠤᠰᠬᠢ ᠶᠢ ᠰᠡᠷᠭᠦᠭᠡᠬᠦ ᠮᠡᠰᠡ ᠵᠠᠰᠠᠯ ᠤᠨ AED︾ ᠶᠢᠨ | ᠲᠦᠷᠭᠡᠨ ᠠᠪᠤᠷᠠᠯᠲᠠ ᠬᠢᠵᠦ᠂ ᠪᠦᠬᠦ᠋ᠢᠯᠡ ᠨᠢᠰᠦᠯᠲᠡ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ | ᠵᠢᠯᠣᠭᠤᠴᠢ ᠦᠭᠡᠢ ᠨᠢᠰᠬᠡᠯ ᠤᠨ ᠨᠢᠰᠦᠯᠲᠡ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠨ ᠠᠶᠠᠯᠠᠬᠤ ᠴᠢᠳᠠᠪᠤᠷᠢ ᠶᠢ | ᠰᠢᠯᠭᠠᠨ ᠪᠠᠲᠤᠯᠠᠭᠰᠠᠨ ᠢᠶᠠᠷ ᠪᠠᠷᠠᠬᠤ ᠦᠭᠡᠢ᠂ ᠨᠡᠩ ᠴᠤ ᠵᠢᠯᠣᠭᠤᠴᠢ ᠦᠭᠡᠢ ᠨᠢᠰᠬᠡᠯ ᠤᠨ ᠪᠤᠳᠤᠯᠢᠶᠠᠨᠲᠠᠢ ᠣᠷᠴᠢᠨ | ᠲᠣᠭᠤᠷᠢᠨ ᠳᠤ ᠲᠦᠷᠭᠡᠨ ᠬᠦᠷᠴᠦ᠂ ᠲᠤᠬᠠᠢ ᠶᠢᠨ ᠲᠠᠯᠠᠪᠠᠢ ᠳᠤ ᠲᠦᠷᠭᠡᠨ ᠬᠦᠷᠴᠦ᠂ ᠭᠠᠵᠠᠷ ᠤᠨ ᠪᠠᠶᠢᠴᠠ ᠶᠢᠨ | ᠬᠢᠵᠠᠭᠠᠷᠯᠠᠯ ᠢ ᠡᠪᠳᠡᠵᠦ᠂ ᠰᠢᠷᠬᠠᠲᠤᠭᠰᠠᠳ ᠪᠤᠶᠤ ᠡᠳ᠋ ᠪᠣᠳᠠᠰ ᠢ ᠥᠨᠳᠥᠷ ᠪᠦᠲᠦᠮᠵᠢᠲᠡᠶ ᠪᠠᠷ ᠬᠦᠷᠭᠡᠬᠦ ᠬᠦᠴᠦᠷᠬᠡᠭ | ᠶᠡᠭᠡ ᠴᠢᠳᠠᠮᠵᠢ ᠶᠢ ᠢᠯᠡᠷᠡᠭᠦᠯᠵᠦ᠂ ᠠᠮᠢ ᠨᠠᠰᠤ ᠶᠢ ᠠᠪᠤᠷᠠᠬᠤ ᠳᠤ ᠡᠷᠬᠢᠮ ᠨᠠᠨᠳᠢᠨ ᠴᠠᠭ ᠢ ᠣᠯᠵᠤ ᠦᠭᠭᠦᠭᠰᠡᠨ | ᠪᠠᠶᠢᠨ᠎ᠠ᠃ | ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠠᠰᠠᠭᠤᠨ ᠯᠠᠪᠯᠠᠬᠤ | ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠡᠳᠦᠷ ᠲᠤᠲᠤᠮ ᠤᠨ ᠲᠦᠷᠭᠡᠨ | ᠠᠪᠤᠷᠠᠯᠳᠠ ᠶᠢᠨ ᠠᠷᠭ᠎ᠠ ᠵᠢᠴᠢ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ᠂ ᠴᠢᠰᠤ ᠪᠦᠲᠦᠭᠡᠬᠦ ᠭᠤᠤᠯ | ᠡᠰ ᠢᠶᠠᠨ ᠬᠠᠨᠳᠢᠪᠯᠠᠬᠤ ᠵᠡᠷᠭᠡ ᠲᠠᠯ᠎ᠠ ᠶᠢᠨ ᠬᠠᠮᠢᠶ᠎ᠠ ᠪᠥᠬᠦᠶ ᠮᠡᠳᠡᠯᠭᠡ ᠶᠢ ᠬᠦᠯᠢᠴᠡᠩᠭᠦᠶ ᠪᠠᠷ ᠨᠠᠷᠢᠨ ᠨᠢᠮᠪᠠᠶ | ᠲᠦᠭᠡᠮᠡᠯᠵᠢᠭᠦᠯᠵᠦ᠂ ᠨᠠᠩ ᠣᠯᠠᠨ ᠬᠥᠮᠦᠨ ᠢ ᠲᠠᠲᠠᠵᠤ ᠤᠯᠠᠭᠠᠨ ᠵᠠᠭᠠᠯᠮᠠᠶᠢᠲᠠᠨ ᠤ ᠠᠵᠢᠯ ᠢ ᠭᠦᠨᠵᠡᠭᠡᠶ | ᠣᠶᠢᠯᠠᠭᠠᠭᠤᠯᠬᠤ ᠶᠢᠨ ᠬᠠᠮᠲᠤ ᠬᠥᠮᠦᠯᠢᠭ ᠦᠵᠡᠯ ᠤᠨ ᠠᠪᠤᠷᠠᠨ ᠲᠤᠰᠠᠯᠠᠬᠤ ᠦᠢᠯᠡᠰ ᠲᠤ ᠢᠳᠡᠪᠬᠢᠲᠡᠶ | ᠣᠷᠣᠯᠴᠠᠭᠤᠯᠵᠤ᠂ ᠨᠠᠩ ᠣᠯᠠᠨ ᠬᠥᠮᠦᠨ ᠳᠤ ᠤᠯᠠᠭᠠᠨ ᠵᠠᠭᠠᠯᠮᠠᠶᠢᠲᠠᠨ ᠤ ︽ᠠᠪᠤᠷᠠᠯᠳᠠ︾ ᠳᠡᠷᠭᠡᠳᠡ ᠪᠠᠶᠢᠬᠤ ᠶᠢ | ᠮᠡᠳᠡᠷᠡᠭᠦᠯᠦᠨ᠎ᠡ᠃ | | | |