ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/12
     ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠶᠠᠨ ᠵᠠᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ︾ ᠵᠡᠷᠭᠡ ᠭᠤᠷᠪᠠᠨ ᠶᠡᠭᠡ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠄ ᠴᠤᠪᠤᠷᠠᠯ ᠢ ᠰᠢᠯᠢᠳᠡᠭᠵᠢᠭᠦᠯᠵᠦ᠂ ᠦᠢᠯᠡᠴᠢᠯᠡᠭᠡ ᠶᠢ ᠲᠠᠰ ᠳᠡᠪᠰᠢᠭᠦᠯᠦᠨ᠎ᠡ      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠲᠦᠢᠯ ᠤᠨ ᠶᠡᠭᠡ ᠪᠠᠷ ᠠᠬᠢᠭᠤᠯᠵᠤ᠂ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠲᠢᠩᠬᠢᠮ ᠢ ᠶᠡᠭᠡ ᠪᠠᠷ ᠳᠡᠯᠭᠡᠷᠡᠭᠦᠯᠦᠨ᠂ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ᠂ ᠠᠵᠢᠯᠲᠠᠨ ᠤ ᠬᠤᠪᠢᠷᠠᠯᠲᠠ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠲᠠᠯ᠎ᠠ ᠪᠠᠷ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠪᠡ᠃ ᠣᠳᠣᠬᠠᠨ ᠳᠤ᠂ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠰᠦᠯᠵᠢᠶᠡᠨ ᠤ ᠡᠷᠭᠢᠯᠡᠭᠰᠡᠨ ᠨᠣᠷᠮ᠎ᠠ ᠨᠢ ᠨᠢᠭᠡᠨᠲᠡ 94.8% ᠪᠣᠯᠵᠣ ᠳᠡᠭᠡᠭᠰᠢᠯᠡᠵᠦ᠂ ᠠᠵᠤ ᠠᠬᠤᠶᠢᠯᠠᠯ ᠤᠨ ᠴᠠᠭ ᠤᠨ ᠥᠪᠡᠷ ᠤᠨ ᠥᠷᠲᠡᠭ ᠢ ᠲᠦᠢᠯ ᠤᠨ ᠶᠡᠭᠡ ᠪᠠᠷ ᠠᠷᠪᠢᠯᠠᠪᠠ᠃ ᠶᠡᠷᠦᠩᠬᠡᠶᠢᠯᠡᠭᠰᠡᠨ ᠴᠤᠩᠬᠤᠪᠴᠢ ᠶᠢᠨ ᠲᠦᠷᠢᠮ ᠤᠨ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ 128 ᠵᠦᠢᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠵᠦᠢᠯᠡᠰ ᠤᠨ ᠡᠮᠦᠨ᠎ᠡ ᠲᠠᠪᠴᠠᠩ ᠳᠤ ᠨᠢᠭᠡᠳᠦᠯᠲᠡᠶ ᠪᠢᠴᠢᠭ ᠮᠠᠲ᠋ᠧᠷᠢᠶᠠᠯ ᠢ ᠭᠥᠯᠢᠶᠡᠨ ᠠᠪᠬᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ ︽ᠰᠦᠯᠵᠢᠶᠡᠨ ᠭᠠᠳᠠᠨ᠎ᠠ ᠨᠢᠭᠡ ᠴᠣᠩᠬᠤᠪᠴᠢ ᠪᠠᠷ ᠭᠦᠢᠴᠡᠳᠭᠡᠬᠦ︾ ᠶᠡᠷᠦᠩᠬᠡᠶᠢᠯᠡᠭᠰᠡᠨ ᠴᠣᠩᠬᠤᠪᠴᠢ ᠶᠢᠨ ᠲᠦᠷᠢᠮ ᠤᠨ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠠᠮᠢᠳᠤᠯᠢᠭ ᠢᠶᠠᠷ ᠠᠵᠢᠯ ᠣᠯᠤᠭᠰᠠᠳ ᠤᠨ ᠭᠠᠷ ᠤᠲᠠᠰᠤ ᠪᠠᠷ ᠰᠦᠢᠳᠭᠡᠯ ᠲᠤᠰᠢᠶᠠᠬᠤ ᠶᠢ ᠬᠢᠨᠠᠨ ᠲᠣᠭᠲᠠᠭᠠᠬᠤ᠂ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠤ ᠲᠢᠩᠬᠢᠮ ᠤᠨ ᠲᠤᠬᠠᠶᠢᠯᠠᠭᠰᠠᠨ ᠠᠵᠢᠯ ᠵᠡᠷᠭᠡ 14 ᠵᠦᠢᠯ ᠤᠨ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠤᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾᠎ ᠶᠢ ᠪᠡᠶᠡᠯᠡᠭᠦᠯᠪᠡ᠃ 147358 ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠶᠢ ᠣᠯᠠᠨ ᠲᠦᠮᠡᠨ ᠤ 140705 ᠬᠤᠪᠢ ᠢᠨᠢᠶᠡᠳᠦ ᠶᠢᠨ ᠨᠢᠭᠤᠷ ᠪᠣᠯᠭᠠᠨ ᠬᠤᠪᠢᠷᠠᠭᠤᠯᠵᠤ᠂ 95% ᠪᠡᠶᠡᠯᠡᠭᠦᠯᠦᠭᠰᠡᠨ ᠨᠣᠷᠮ᠎ᠠ ᠪᠤᠯ ᠬᠢᠳᠤᠭᠠᠨ ᠢᠷ ᠢ ᠳᠣᠲᠣᠭᠰᠢ ᠬᠠᠨᠳᠤᠭᠤᠯᠤᠭᠰᠠᠨ ᠦᠭᠡᠷᠡᠴᠢᠯᠡᠯᠲᠡ ᠪᠤᠯᠤᠨ᠎ᠠ᠃      ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠦᠨᠡᠨᠴᠢ ᠢᠲᠡᠭᠡᠮᠵᠢ ᠲᠠᠢ ᠠᠵᠤ ᠠᠬᠤᠶᠢᠯᠠᠯ ᠳᠤ ᠴᠢᠭᠯᠡᠭᠦᠯᠦᠨ᠂ ︽ᠢᠲᠡᠭᠡᠮᠵᠢ + ᠳᠤᠲᠠᠭᠤ︾ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ ᠭᠠᠷᠭᠠᠪᠠ᠃ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠵᠠᠩᠭᠢᠯᠠᠭ᠎ᠠ ᠶᠢᠨ ᠪᠤᠰᠤ ᠴᠢᠨᠠᠷᠲᠠᠶ ᠮᠠᠲ᠋ᠧᠷᠢᠶᠠᠯ ᠳᠤᠲᠠᠭᠳᠠᠵᠤ ᠪᠠᠶᠢᠭ᠎ᠠ ᠠᠵᠤ ᠠᠬᠤᠶᠢᠯᠠᠯ ᠳᠤ᠂ ᠢᠲᠡᠭᠡᠮᠵᠢ ᠶᠢᠨ ᠪᠠᠶᠢᠳᠠᠯ ᠰᠠᠶᠢᠨ ᠮᠥᠷᠲᠡᠭᠡᠨ ᠪᠢᠴᠢᠭ ᠤᠨ ᠠᠮᠠᠯᠠᠯᠲᠠ ᠬᠢᠪᠡᠯ ᠳᠠᠷᠤᠶ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠭᠥᠷᠳᠡᠵᠦ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠦᠨᠡᠨ ᠬᠦ ᠰᠢᠢᠳᠪᠦᠷᠢᠯᠡᠨ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃      ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠄ ᠥᠷᠢ ᠰᠢᠷᠢ ᠶᠢ ᠴᠢᠩᠭ᠎ᠠ ᠵᠠᠰᠠᠵᠤ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ᠎ᠡ      ᠴᠢᠩᠱᠠᠨ ᠲᠣᠭᠤᠷᠢᠭ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠢᠮᠠᠭᠲᠠ ᠠᠵᠢᠯ ᠤᠨ ᠭᠤᠣᠯᠳᠠᠯᠭ᠎ᠠ ᠪᠣᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠪᠡ᠃ ᠲᠣᠭᠤᠷᠢᠭ ᠤᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠲᠥᠪ ᠢᠳᠡᠪᠬᠢᠲᠡᠶ ᠠᠵᠢᠯᠯᠠᠵᠤ᠂ ᠡᠨᠡ ᠵᠢᠯ ᠠᠴᠠ ᠨᠠᠭᠠᠰᠢ᠂ ᠨᠢᠭᠡᠨᠲᠡ ᠡᠯ᠎ᠡ ᠲᠥᠷᠥᠯ ᠤᠨ ᠴᠠᠯᠢᠩ ᠥᠷᠢᠲᠦᠬᠦ ᠶᠢ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢ ᠨᠡᠶᠢᠲᠡ 37 ᠬᠡᠷᠡᠭ ᠢ ᠭᠥᠯᠢᠶᠡᠨ ᠠᠪᠴᠤ᠂ 430 ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ 513 ᠲᠦᠮᠡᠨ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠠᠮᠵᠢᠯᠲᠠ ᠲᠠᠢ ᠪᠠᠷ ᠨᠡᠬᠡᠮᠵᠢᠯᠡᠨ ᠠᠪᠴᠢᠷᠠᠪᠠ᠃ ︽1+5+15+15︾ ᠠᠵᠢᠯ ᠤᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ︽ᠬᠡᠷᠡᠭ ᠠᠴᠠ ᠡᠮᠦᠨ᠎ᠡ ᠡᠶᠡᠳᠡᠭᠦᠯᠬᠦ︾ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠪᠠ᠃      ᠡᠭᠦᠨ ᠤ ᠬᠠᠮᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠲᠤᠭᠤᠷᠢᠭ ᠤᠨ ᠬᠥᠮᠦᠨ ᠬᠡᠷᠡᠭᠯᠡᠬᠦ ᠨᠢᠭᠡᠴᠢ ᠳᠤ A᠂ B᠂ C ᠭᠤᠷᠪᠠᠨ ᠱᠠᠲᠤᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢ ᠶᠢᠨ ᠦᠨᠡᠯᠡᠯᠲᠡ ᠬᠢᠬᠦ ᠶᠢᠨ ᠬᠠᠮᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠣᠳᠣᠬᠠᠨ ᠳᠤ᠂ 222 ᠠᠵᠤ ᠠᠬᠤᠶᠢᠯᠠᠯ A ᠳᠡᠰ ᠢᠶᠠᠷ ᠦᠨᠡᠯᠡᠭᠳᠡᠵᠦ᠂ 786᠎ ᠨᠢ B ᠳᠡᠰ ᠢᠶᠠᠷ ᠦᠨᠡᠯᠡᠭᠳᠡᠵᠦ᠂ 4᠎ ᠨᠢ C ᠳᠡᠰ ᠢᠶᠠᠷ ᠦᠨᠡᠯᠡᠭᠳᠡᠪᠡ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠴᠠᠯᠢᠩ ᠥᠷᠢᠲᠦᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠠᠤᠯᠢ ᠶᠣᠰᠣᠭᠠᠷ ᠬᠠᠷᠭᠤᠭᠤᠯᠤᠨ ᠰᠢᠢᠳᠪᠦᠷᠢᠯᠡᠨ᠎ᠡ᠃ ᠡᠨᠡ ᠵᠢᠯ ᠠᠴᠠ ᠨᠠᠭᠠᠰᠢ᠂ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ 4 ᠬᠡᠷᠡᠭ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠳᠤ ᠬᠦᠷᠦᠭᠰᠡᠨ 3 ᠠᠵᠤ ᠠᠬᠤᠶᠢᠯᠠᠯ ᠢ ᠢᠯᠡ ᠪᠠᠷ ᠢᠯᠡᠴᠢᠯᠡᠵᠦ᠂ ᠬᠦᠴᠦᠲᠡᠶ ᠰᠦᠷᠳᠡᠭᠦᠯᠦᠯ ᠢ ᠪᠣᠶ ᠪᠣᠯᠭᠠᠪᠠ᠃      ᠨᠡᠶᠢᠭᠡᠮ ᠤᠨ ᠦᠨᠡᠨᠴᠢ ᠢᠲᠡᠭᠡᠮᠵᠢ᠄ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠠᠭᠤᠷ ᠠᠮᠢᠰᠬᠤᠯ ᠢ ᠪᠣᠶ ᠪᠣᠯᠭᠠᠨ᠎ᠠ      ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠴᠢᠩᠱᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠬᠡᠷᠡᠭᠯᠡᠭᠡᠨ ᠤ ᠪᠠᠶᠢᠳᠠᠯ ᠢ ᠢᠳᠡᠪᠬᠢᠲᠡᠶ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠢᠲᠡᠭᠡᠮᠵᠢ ᠲᠠᠢ ᠬᠥᠳᠡᠯᠮᠦᠷᠢᠴᠢᠳ ᠲᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠦᠢᠯᠡᠴᠢᠯᠡᠭᠡ ᠬᠠᠩᠭᠠᠪᠠ᠃ ᠨᠥᠬᠦᠴᠡᠯ ᠳᠤ ᠨᠡᠶᠢᠴᠡᠬᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠭᠤᠶᠤᠴᠢᠯᠠᠬᠤ ᠲᠤᠭ᠎ᠠ ᠬᠡᠮᠵᠢᠶ᠎ᠡ ᠨᠢ 30 ᠲᠦᠮᠡ ᠠᠴᠠ ᠬᠡᠲᠦᠷᠡᠬᠦ ᠥᠬᠡᠶ᠂ ᠬᠤᠭᠤᠴᠠᠭ᠎ᠠ ᠨᠢ 2 ᠵᠢᠯ ᠠᠴᠠ ᠬᠡᠲᠦᠷᠡᠬᠦ ᠥᠬᠡᠶ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠭᠤᠶᠤᠴᠢᠯᠠᠵᠤ ᠪᠣᠯᠤᠨ᠎ᠠ᠂ ᠣᠳᠣᠬᠠᠨ ᠳᠤ ᠨᠢᠭᠡᠨᠲᠡ 10 ᠬᠠᠮᠲᠤᠷᠠᠯᠴᠠᠭᠠᠨ ᠤ ᠪᠠᠩᠬᠢ ᠣᠷᠣᠯᠴᠠᠵᠤ᠂ ᠦᠢᠯᠡᠰ ᠴᠣᠭᠴᠠᠯᠠᠭᠴᠢ ᠳᠤ ᠬᠦᠴᠦᠲᠡᠶ ᠪᠠᠯᠠ ᠮᠥᠩᠭᠦ ᠶᠢᠨ ᠳᠡᠮᠵᠢᠯᠭᠡ ᠬᠠᠩᠭᠠᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ︽ᠦᠨᠡᠨᠴᠢ ᠢᠲᠡᠭᠡᠮᠵᠢᠲᠡᠶ ᠲᠦᠮᠡᠨ ᠭᠠᠵᠠᠷ ᠤᠨ ᠠᠶᠠᠯᠠᠯ︾ ᠵᠡᠷᠭᠡ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠬᠠᠮᠲᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠳᠡᠯᠮᠦᠷᠢ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠵᠤ ᠠᠬᠤᠶᠢᠯᠠᠯ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ ᠣᠷᠣᠭᠤᠯᠵᠤ᠂ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠵᠠᠷᠯᠠᠨ ᠨᠡᠶᠢᠲᠡᠯᠡᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠡᠷᠭᠡ ᠲᠠᠯ᠎ᠠ ᠪᠠᠷ ᠬᠢᠵᠠᠭᠠᠷᠯᠠᠵᠤ᠂ ︽ᠨᠢᠭᠡ ᠭᠠᠵᠠᠷ ᠲᠤ ᠢᠲᠡᠭᠡᠯ ᠠᠯᠳᠠᠭᠰᠠᠨ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠣᠯᠭᠠᠬᠤ᠂ ᠢᠲᠡᠭᠡᠮᠵᠢ ᠶᠢᠨ ᠦᠨᠡᠯᠡᠯᠲᠡ ᠶᠢ ᠢᠯᠡ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠡᠷᠡᠮᠵᠢᠯᠡᠭᠦᠯᠵᠦ ᠰᠦᠷᠳᠡᠭᠦᠯᠬᠦ ᠦᠢᠯᠡᠳᠦᠯ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠢᠳᠡᠪᠬᠢᠲᠡᠢ ᠰᠦᠪᠡᠭᠴᠢᠯᠡᠯᠲᠡ ᠪᠠ ᠦᠢᠯᠡᠳᠦᠯᠭᠡ ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠢᠷᠡᠭᠡᠳᠦᠢ ᠳᠤ᠂ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠠᠮᠠᠭᠠᠯᠠᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号