ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/5/13
      ᠲᠡᠮᠦᠷᠯᠢᠭ ᠪᠣᠯᠪᠠᠰᠤᠷᠠᠭᠤᠯᠬᠤ ᠠᠵᠢᠯ ᠨᠢ ᠠᠵᠤ ᠦᠢᠯᠡᠳᠪᠦᠷᠢ ᠶᠢᠨ ᠬᠦᠷᠢᠶᠡᠨ ᠤ ᠵᠠᠩᠭᠢᠯᠠᠭ᠎ᠠ ᠶᠢᠨ ᠲᠤᠯᠭᠠᠭᠤᠷᠢ ᠪᠣᠯᠤᠭᠰᠠᠨ ᠤ ᠬᠤᠪᠢ ᠳᠤ᠂ ᠣᠳᠣᠬᠠᠨ ᠳᠤ ᠶᠠᠭ ᠲᠠᠰᠤᠷᠠᠯᠲᠠ ᠤᠢᠭᠡᠢ ᠬᠤᠪᠢᠰᠤᠯᠲᠠ ᠪᠣᠯᠤᠨ ᠬᠥᠭᠵᠢᠯᠲᠡ ᠶᠢᠨ ᠠᠬᠢᠴᠠ ᠳᠤ ᠪᠠᠶᠢᠨ᠎ᠠ᠃ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠶᠢᠨ ᠠᠵᠤ ᠠᠬᠤᠢᠯᠠᠯ ᠤᠨ ᠬᠥᠭᠵᠢᠯᠲᠡ ᠶᠢ ᠨᠡᠩ ᠰᠠᠶᠢᠨ ᠳᠡᠮᠵᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠲᠠᠪᠦᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 8᠎ ᠤ ᠡᠳᠦᠷ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠤᠭᠤᠲᠤ ᠶᠢᠨ ᠬᠤᠸᠠ ᠶᠢᠩ ᠵᠤᠤᠬ᠎ᠠ ᠶᠢᠨ ᠬᠢᠵᠠᠭᠠᠷᠲᠤ ᠺᠣᠮᠫᠠᠨᠢ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠢ ᠤᠷᠢᠵᠤ ᠦᠢᠯᠡᠴᠢᠯᠡᠭᠡ ᠶᠢ ᠵᠢᠯᠣᠭᠤᠳᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠲᠠᠰᠤᠭ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠠᠵᠢᠯᠲᠠᠨ ᠵᠢᠴᠢ ᠲᠥᠬᠦᠭᠡᠷᠦᠮᠵᠢ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠳᠤ ᠨᠠᠷᠢᠨ ᠨᠢᠮᠪᠠᠶ ᠪᠠᠶᠢᠴᠠᠭᠠᠯᠲᠠ ᠬᠢᠬᠦ ᠶᠢᠨ ᠬᠠᠮᠲᠤ ᠠᠵᠤ ᠠᠬᠤᠶᠢᠯᠠᠯ ᠤᠨ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠲᠡᠮᠳᠡᠭᠯᠡᠯ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠡᠮᠳᠡᠭᠯᠡᠯ ᠤᠨ ᠡᠬᠡ ᠲᠠᠩᠰᠠ ᠵᠡᠷᠭᠡ ᠠᠶᠤᠯᠭᠦᠶ ᠦᠢᠯᠡᠳᠪᠦᠷᠢᠯᠡᠯ ᠤᠨ ᠬᠡᠷᠡᠭᠰᠡᠯ ᠢ ᠨᠠᠷᠢᠨ ᠨᠢᠮᠪᠠᠶ ᠪᠠᠶᠢᠴᠠᠭᠠᠨ ᠦᠵᠡᠪᠡ᠃ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠡᠷᠬᠡᠪᠰᠢ ᠬᠤᠪᠢ ᠬᠥᠮᠦᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠡᠮ ᠰᠣᠭᠤᠭ ᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠠᠶᠢᠴᠠᠭᠠᠬᠤ ᠬᠤᠭᠤᠴᠠᠭᠠᠨ ᠳᠤ ᠢᠯᠡᠷᠡᠭᠦᠯᠦᠭᠰᠡᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠳᠠᠯᠳᠠ ᠬᠡᠮ ᠵᠢᠴᠢ ᠮᠠᠲ᠋ᠧᠷᠢᠶᠠᠯ ᠨᠢ ᠵᠢᠷᠤᠮᠵᠢᠯ ᠥᠬᠡᠶ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠨᠢᠭᠡᠳ ᠨᠢᠭᠡ ᠪᠠᠷ ᠮᠡᠳᠡᠭᠳᠡᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号