ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠬᠢᠭᠡᠳ ᠠᠳᠠᠯ ᠠᠬᠤᠶ ᠶᠢᠨ ᠨᠡᠪᠲᠡᠷᠡᠯᠴᠡᠨ ᠬᠠᠮᠵᠢᠯᠴᠠᠬᠤ ᠶᠢ | ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠴᠢᠩ ᠹᠦ᠋ ᠪᠠᠯᠭᠠᠰᠤᠨ ᠤ ᠠᠳᠠᠯ ᠠᠬᠤᠶ ᠶᠢ | ᠳᠡᠭᠡᠭᠰᠢᠯᠡᠭᠦᠯᠬᠦ ᠣᠨ ᠤ ᠨᠢᠭᠡᠳᠦᠭᠡᠷ ᠱᠠᠲᠤᠨ ᠤ ᠲᠤᠷᠰᠢᠯᠭ᠎ᠠ ᠰᠣᠯᠢᠯᠴᠠᠬᠤ ᠬᠤᠷᠠᠯ ᠤᠷᠤᠭᠰᠢᠲᠠᠶ ᠬᠤᠷᠠᠯᠳᠤᠪᠠ᠃ | ᠲᠣᠰ ᠤᠳᠠᠭᠠᠨ ᠤ ᠬᠤᠷᠠᠯ ᠢ ᠰᠢᠶᠧ ᠰᠢᠤᠸᠠᠢ ᠪᠢᠨ ᠳᠠᠷᠤᠭ᠎ᠠ ᠪᠣᠯᠤᠨ ᠴᠧᠨ ᠿᠠᠨ ᠢ ᠭᠡᠰᠢᠭᠦᠨ ᠡᠷᠭᠢᠯᠡᠵᠦ᠂ ᠡᠯ᠎ᠡ | ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠣᠰ ᠨᠡᠶᠢᠭᠡᠮ ᠲᠣᠭᠤᠷᠢᠭ ᠤᠨ ᠠᠳᠠᠯ | ᠠᠬᠤᠶ ᠶᠢᠨ ᠦᠢᠯᠡᠴᠢᠯᠡᠭᠡᠨ ᠤ ᠲᠠᠯ᠎ᠠ ᠪᠠᠷ ᠬᠢ ᠠᠵᠢᠯ ᠤᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠵᠦ᠂ | ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠲᠦᠭᠦᠭᠡᠷᠦᠮᠵᠢ ᠶᠢᠨ ᠬᠠᠮᠠᠭᠠᠯᠠᠯᠲᠠ᠂ ᠰᠠᠭᠤᠭᠠᠯᠢ ᠠᠷᠠᠳ ᠤᠨ | ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢ ᠬᠠᠮᠤᠷᠤᠭᠰᠠᠨ ᠪᠥᠭᠡᠳ ᠨᠠᠮ ᠤᠨ ᠪᠠᠶᠢᠭᠤᠯᠤᠯᠲᠠ ᠪᠠᠷ ᠠᠳᠠᠯ | ᠠᠬᠤᠶ ᠶᠢᠨ ᠦᠢᠯᠡᠴᠢᠯᠡᠭᠡ ᠶᠢ ᠬᠥᠲᠥᠯᠦᠨ ᠳᠠᠭᠠᠭᠤᠯᠤᠭᠰᠠᠨ ᠰᠢᠯᠢᠳᠡᠭ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ | ᠠᠷᠭ᠎ᠠ ᠬᠡᠮᠵᠢᠶ᠎ᠡ ᠶᠢ ᠬᠤᠪᠢᠶᠠᠯᠴᠠᠪᠠ᠃ | ᠣᠶᠢᠷ᠎ᠠ ᠳᠤ᠂ ᠵᠢᠶᠠ ᠹᠦ᠋ ᠪᠠᠭ᠎ᠠ ᠲᠣᠭᠤᠷᠢᠭ ᠲᠦᠭᠡᠭᠡᠯ ᠤᠰᠤᠨ ᠤ ᠬᠤᠭᠤᠯᠠᠶ ᠶᠢᠨ ᠭᠡᠨᠡᠳᠲᠡ ᠶᠢᠨ | ᠭᠡᠮᠲᠦᠯ ᠠᠴᠠ ᠪᠣᠯᠵᠣ ᠤᠰᠤ ᠵᠣᠭᠰᠣᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠬᠦᠨᠳᠦ ᠨᠣᠴᠢᠲᠠᠶ | ᠨᠥᠯᠥᠭᠡᠯᠡᠭᠳᠡᠪᠡ᠃ ᠸᠠᠨ ᠵᠢᠶᠦ᠋ᠨ ᠨᠡᠶᠢᠭᠡᠮ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠦᠳᠲᠡᠷ ᠲᠦᠷᠭᠡᠨ | ᠡᠬᠢᠯᠡᠭᠦᠯᠵᠦ᠂ ᠵᠢᠶᠠ ᠹᠦ᠋ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠪᠣᠯᠤᠨ ᠲᠦᠭᠡᠭᠡᠯ ᠤᠰᠤ | ᠬᠠᠩᠭᠠᠬᠤ ᠺᠣᠮᠫᠠᠨᠢ ᠶᠢᠨ ᠨᠠᠷᠢᠯᠢᠭ ᠤᠨᠤᠪᠴᠢᠲᠠᠢ ᠦᠢᠯᠡᠴᠢᠯᠡᠬᠦ ᠶᠢ ᠢᠳᠡᠪᠬᠢᠲᠡᠶ ᠵᠣᠬᠢᠴᠠᠭᠤᠯᠵᠤ᠂ ᠰᠠᠭᠤᠭᠠᠯᠢ | ᠠᠷᠠᠳ ᠤᠨ ᠤᠰᠤ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠬᠠᠷᠢᠭᠤᠴᠠᠯᠭ᠎ᠠ ᠪᠠ ᠡᠭᠦᠷᠭᠡᠯᠡᠯ ᠢ ᠠᠮᠢᠳᠤᠯᠢᠭ ᠢᠶᠠᠷ ᠲᠠᠶᠢᠯᠪᠤᠷᠢᠯᠠᠪᠠ᠃ | ᠶᠢᠨ ᠬᠠᠶ ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠶᠠᠪᠤᠴᠠ ᠳᠤ ᠵᠢᠵᠢᠭ ᠲᠣᠭᠤᠷᠢᠭ ᠤᠨ ᠭᠠᠳᠠᠨ᠎ᠠ ᠪᠠᠶᠢᠭ᠎ᠠ ᠪᠣᠬᠢᠷ ᠤᠰᠤᠨ ᠤ ᠬᠤᠳᠳᠤᠭ ᠠᠮᠠᠰᠠᠷ | ᠦᠭᠡᠢ ᠪᠠᠶᠢᠵᠦ᠂ ᠶᠢᠨ ᠬᠠᠶ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠶᠢᠳᠠᠯ ᠢ ᠮᠡᠳᠡᠭᠰᠡᠨ ᠤ ᠳᠠᠷᠠᠭ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠬᠠᠮᠤᠭ ᠤᠨ ᠲᠡᠷᠢᠭᠦᠨ ᠳᠤ | ᠡᠬᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠥᠬᠡᠶ︾ ᠬᠠᠷᠢᠭᠤᠴᠠᠯᠭᠠᠲᠤ ᠰᠡᠳᠬᠢᠯᠭᠡ ᠪᠠᠷ ᠦᠳᠲᠡᠷ ᠲᠦᠷᠭᠡᠨ | ᠬᠥᠳᠡᠯᠦᠯᠴᠡᠨ ᠠᠶᠦᠯ ᠢ ᠠᠷᠢᠯᠭᠠᠪᠠ᠃ ︽ᠨᠡᠶᠢᠭᠡᠮ ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ | ᠮᠡᠳᠡᠭᠦᠯᠬᠦ︾ ᠲᠣᠭᠲᠠᠴᠠ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ | ᠬᠤᠷᠢᠶ᠎ᠠ ᠶᠢᠨ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠢᠦᠶ ᠾᠧ ᠲᠢᠶᠠᠨ ᠠᠳᠠᠯ ᠠᠬᠤᠶ ᠶᠢᠨ ᠺᠣᠮᠫᠠᠨᠢ ᠵᠡᠷᠭᠡ ᠣᠯᠠᠨ ᠰᠠᠯᠠᠭ᠎ᠠ ᠮᠥᠴᠢᠷ ᠤᠨ ᠠᠵᠢᠯᠲᠠᠳ | ᠦᠳᠲᠡᠷ ᠲᠦᠷᠭᠡᠨ ᠴᠤᠭᠯᠠᠷᠠᠪᠠ᠃ ᠡᠯ᠎ᠡ ᠰᠠᠯᠠᠭ᠎ᠠ ᠮᠥᠴᠢᠷ ᠤᠨ ᠨᠢᠭᠲᠠ ᠬᠠᠮᠵᠢᠯᠴᠠᠭ᠎ᠠ ᠪᠠ ᠥᠨᠳᠥᠷ ᠪᠦᠲᠦᠮᠵᠢᠲᠡᠶ | ᠠᠵᠢᠯᠯᠠᠭ᠎ᠠ ᠳᠣᠤᠷ᠎ᠠ᠂ ᠭᠡᠭᠡᠭᠳᠡᠭᠰᠡᠨ ᠬᠤᠳᠳᠤᠭ ᠤᠨ ᠠᠮᠠᠰᠠᠷ ᠢ ᠬᠠᠮᠤᠭ ᠤᠨ ᠣᠬᠤᠷ ᠬᠤᠭᠤᠴᠠᠭᠠᠨ ᠳᠤ ᠰᠣᠯᠢᠵᠤ | ᠰᠡᠯᠪᠢᠨ ᠵᠠᠰᠠᠵᠤ᠂ ᠠᠮᠤᠷ ᠲᠦᠪᠰᠢᠨ ᠤ ᠳᠠᠯᠳᠠ ᠭᠡᠮ ᠢ ᠲᠦᠢᠯᠪᠤᠷᠢᠲᠠᠶ ᠠᠷᠢᠯᠭᠠᠪᠠ᠃ | ᠪᠦᠦ ᠯᠢ ᠨᠡᠶᠢᠭᠡᠮ ᠲᠣᠭᠤᠷᠢᠭ ᠤᠨ ᠬᠢᠨ ᠠᠳᠠᠯ ᠠᠬᠤᠶ ᠶᠢᠨ ᠠᠵᠢᠯ ᠡᠷᠭᠢᠯᠡᠭᠰᠡᠳ ᠤᠨ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠲᠥᠷᠥᠯ ᠤᠨ ᠲᠤᠰᠬᠠᠶ | ᠮᠡᠷᠭᠡᠵᠢᠯᠲᠡᠨ ᠪᠠ ᠡᠷᠳᠡᠮᠲᠡᠳ ᠢ ᠤᠷᠢᠵᠤ ᠬᠢᠴᠢᠶᠡᠯ ᠣᠷᠣᠭᠤᠯᠵᠤ᠂ ᠪᠣᠯᠪᠠᠰᠤᠷᠠᠭᠤᠯᠤᠯ ᠤᠨ ᠠᠭᠤᠯᠭ᠎ᠠ ᠳᠤ ᠠᠳᠠᠯ | ᠠᠬᠤᠶ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠦᠢᠯᠡᠴᠢᠯᠡᠭᠡᠨ ᠤ ᠤᠷ᠎ᠠ ᠮᠡᠷᠭᠡᠵᠢᠯ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠣᠯᠠᠨ ᠲᠠᠯ᠎ᠠ ᠶᠢ ᠬᠠᠮᠦᠷᠴᠠᠢ᠃ ᠰᠢᠰᠲ᠋ᠧᠮ ᠲᠠᠢ ᠪᠣᠯᠪᠠᠰᠤᠷᠠᠭᠤᠯᠬᠤ ᠪᠠᠷ | ᠳᠠᠮᠵᠢᠭᠤᠯᠤᠨ᠂ ᠠᠳᠠᠯ ᠠᠬᠤᠶ ᠶᠢᠨ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠬᠡᠪ ᠴᠢᠨᠠᠷ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠥᠨᠳᠥᠷ ᠬᠡᠪ | ᠪᠣᠯᠪᠠᠰᠤᠷᠠᠯ ᠲᠠᠢ᠂ ᠥᠨᠳᠥᠷ ᠦᠷ᠎ᠡ ᠪᠦᠲᠦᠮᠵᠢᠲᠡᠶ ᠪᠦᠯᠬᠦᠮ ᠨᠡᠶᠢᠲᠡ ᠶᠢ ᠪᠣᠶ ᠪᠣᠯᠭᠠᠨ᠎ᠠ᠃ | ᠳᠠᠷᠠᠭ᠎ᠠ ᠳᠤᠨᠢ᠂ ᠤᠯᠠᠨ ᠢᠶᠠᠷ ᠢᠶᠠᠨ ᠣᠳᠣᠬᠠᠨ ᠤ ᠠᠳᠠᠯ ᠠᠬᠤᠢ ᠶᠢᠨ ᠦᠢᠯᠡᠴᠢᠯᠡᠭᠡᠨ ᠤ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠦᠨᠵᠡᠭᠡᠢ ᠶᠠᠷᠢᠯᠴᠠᠵᠤ᠂ ᠰᠢᠢᠳᠪᠦᠷᠢᠯᠡᠬᠦ ᠲᠥᠰᠦᠯ ᠢ ᠬᠠᠮᠲᠤᠪᠠᠷ | ᠰᠤᠳᠤᠯᠤᠨ ᠶᠠᠷᠢᠯᠴᠠᠪᠠ᠃ ᠰᠠᠭᠤᠭᠠᠯᠢ ᠠᠷᠠᠳ ᠤᠨ ᠲᠤᠰᠬᠠᠭᠰᠠᠨ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ᠦᠨᠡᠨᠬᠦ ᠶᠠᠪᠤᠭᠳᠠᠭᠤᠰᠢᠲᠠᠶ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠬᠤ ᠶᠢᠨ ᠬᠠᠮᠲᠤ ᠴᠠᠭ ᠬᠢᠵᠠᠭᠠᠷᠯᠠᠨ | ᠨᠠᠶᠢᠳᠠᠪᠤᠷᠢᠵᠢᠭᠤᠯᠤᠨ᠎ᠠ︔ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠠᠳᠠᠯ ᠠᠬᠤᠶ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠬᠢᠭᠡᠳ ᠦᠢᠯᠡᠴᠢᠯᠡᠭᠡᠨ ᠤ ᠦᠵᠡᠯ | ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠧᠨ ᠿᠠᠨ ᠢ ᠭᠡᠰᠢᠭᠦᠨ ᠨᠠᠮ ᠤᠨ ᠪᠠᠢᠭᠤᠯᠤᠯᠲᠠ ᠶᠢ | ᠦᠷᠭᠦᠯᠵᠢᠯᠡᠨ ᠴᠢᠩᠭᠠᠳᠭᠠᠵᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠠᠯ ᠠᠬᠤᠢ ᠶᠢᠨ ᠦᠢᠯᠡᠴᠢᠯᠡᠭᠡ ᠲᠠᠢ | ᠭᠦᠨᠵᠡᠭᠡᠢ ᠠᠭᠤᠰᠤᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠲᠤᠷᠰᠢᠯᠭ᠎ᠠ ᠰᠣᠯᠢᠯᠴᠠᠬᠤ ᠬᠤᠷᠠᠯ ᠢ ᠬᠤᠷᠠᠯᠳᠤᠭᠰᠠᠨ ᠨᠢ ᠡᠯ᠎ᠡ ᠨᠡᠶᠢᠭᠡᠮ ᠲᠣᠭᠤᠷᠢᠭ ᠲᠤ | ᠰᠠᠶᠢᠨ ᠰᠠᠶᠢᠬᠠᠨ ᠰᠣᠯᠢᠯᠴᠠᠭᠠᠨ ᠤ ᠲᠠᠪᠴᠠᠩ ᠪᠠᠶᠢᠭᠤᠯᠵᠤ᠂ ᠴᠢᠩ ᠹᠦ᠋ ᠪᠠᠯᠭᠠᠰᠤᠨ ᠤ ᠠᠳᠠᠯ ᠠᠬᠤᠶ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | | | | | |