ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ᠂ ᠲᠣᠭᠲᠠᠭᠤᠨ ᠢᠶᠠᠷ ᠬᠥᠭᠵᠢᠬᠦ ᠳᠤ ᠬᠦᠴᠦᠨ | ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 13 ᠤ ᠡᠳᠦᠷ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶᠠᠨ ᠤ ︽ᠠᠵᠤ ᠠᠬᠤᠶᠢᠯᠠᠯ ᠢ ᠲᠤᠰᠠᠯᠠᠬᠤ ᠠᠩᠭᠢ︾ ᠨᠢ ᠰᠠᠨ ᠾᠧ ᠯᠢᠶᠠᠨ ᠪᠠᠭᠤᠳᠠᠯ ᠳᠤ ᠭᠦᠨᠵᠡᠭᠡᠶᠢᠷᠡᠵᠦ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠠᠢ ᠲᠤᠰᠬᠠᠶ | ᠰᠡᠳᠦᠪᠲᠦ ᠶᠠᠷᠢᠯᠴᠠᠬᠤ ᠬᠤᠷᠠᠯ ᠥᠷᠨᠢᠭᠦᠯᠵᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠠᠶᠤᠯ ᠲᠦᠭᠰᠢᠭᠦᠷᠢ ᠶᠢ | ᠰᠤᠳᠤᠯᠤᠨ ᠮᠠᠭᠠᠳᠯᠠᠬᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠨᠠᠯ ᠴᠤᠭᠯᠠᠭᠤᠯᠬᠤ᠂ ᠬᠠᠤᠯᠢ ᠪᠠᠷ | ᠵᠠᠰᠠᠬᠤ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠬᠥᠭᠵᠢᠯᠲᠡ ᠳᠤ ᠬᠠᠤᠯᠢ ᠪᠠᠷ ᠵᠠᠰᠠᠬᠤ ᠬᠥᠳᠡᠯᠭᠡᠬᠦ ᠬᠦᠴᠦᠨ ᠨᠡᠮᠡᠷᠢᠯᠡᠪᠡ᠃ | ᠤᠨᠢᠨ ᠲᠡᠭᠡᠷ᠎ᠡ ᠨᠢ ᠬᠠᠤᠯᠢ ᠴᠠᠭᠠᠵᠠ ᠶᠢ ᠲᠦᠭᠡᠮᠡᠯᠵᠢᠬᠦᠯᠵᠤ ᠬᠦᠴᠢᠷ ᠠᠰᠠᠭᠤᠳᠠᠯ ᠢ ᠰᠢᠢᠳᠪᠤᠷᠢᠯᠡᠵᠤ᠂ | ᠬᠠᠤᠯᠢ ᠴᠠᠭᠠᠵᠠ ᠶᠢᠨ ᠵᠦᠪᠯᠡᠯᠭᠡ ᠵᠠᠢ ᠦᠭᠡᠢ | ᠶᠠᠷᠢᠯᠴᠠᠬᠤ ᠬᠤᠷᠠᠯ ᠳᠡᠭᠡᠷ᠎ᠡ᠂ ︽ᠠᠵᠤ ᠠᠬᠤᠶᠢᠯᠠᠯ ᠢ ᠲᠤᠰᠠᠯᠠᠬᠤ ᠠᠩᠭᠢ︾ ᠶᠢᠨ ᠪᠦᠯᠬᠦᠮ ᠠᠵᠤ | ᠠᠬᠤᠶᠢᠯᠠᠯ ᠤᠨ ᠥᠨᠳᠥᠷ ᠳᠠᠪᠲᠠᠮᠵᠢᠲᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠳᠠᠬᠢ ᠬᠥᠳᠡᠯᠮᠦᠷᠢ ᠶᠢᠨ ᠭᠡᠷ᠎ᠡ | ᠲᠣᠭᠲᠠᠬᠤ᠂ ᠴᠠᠯᠢᠩ ᠥᠭᠬᠦ ᠪᠠᠷᠢᠮᠵᠢᠶ᠎ᠠ᠂ ᠠᠵᠢᠯᠯᠠᠬᠤ ᠴᠠᠭ ᠤᠨ ᠲᠦᠷᠢᠮ ᠵᠢᠴᠢ ᠠᠵᠢᠯ ᠠᠴᠠ ᠪᠣᠯᠤᠭᠰᠠᠨ | ᠭᠡᠮᠲᠦᠯ ᠤᠨ ᠲᠥᠯᠥᠪᠦᠷᠢ ᠵᠡᠷᠭᠡ ᠵᠦᠢᠯ ᠵᠤᠷᠪᠤᠰ ᠢ ᠭᠤᠤᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠠᠵᠢᠯᠴᠢᠨ ᠬᠡᠷᠡᠭᠯᠡᠬᠦ ᠲᠦᠭᠰᠢᠭᠦᠷᠢ ᠶᠢ ᠵᠠᠳᠠᠯᠤᠨ ᠰᠢᠨᠵᠢᠯᠡᠪᠡ᠃ | ᠠᠵᠢᠯᠲᠠᠨ ᠠᠵᠢᠯᠴᠢᠨ ᠤ ᠳᠤᠷᠠᠳᠤᠭᠰᠠᠨ ︽ᠴᠠᠭ ᠨᠡᠮᠡᠵᠦ ᠠᠵᠢᠯᠯᠠᠭᠰᠠᠨ ᠵᠠᠷᠤᠳᠠᠯ ᠢ ᠪᠤᠳᠤᠬᠤ︾᠂ ︽ᠠᠵᠢᠯ ᠠᠴᠠ | ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠴᠤᠪᠤᠷᠠᠯ︾ ᠵᠡᠷᠭᠡ ᠪᠣᠳᠠᠲᠠᠶ ᠠᠰᠠᠭᠤᠳᠠᠯ ᠳᠤ ᠴᠢᠭᠯᠡᠭᠦᠯᠦᠨ᠂ | ᠬᠠᠤᠯᠢᠴᠢ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠠᠵᠢᠯᠴᠢᠨ ᠬᠡᠷᠡᠭᠯᠡᠬᠦ ᠶᠠᠪᠤᠴᠠ ᠶᠢ ᠵᠢᠷᠤᠮᠵᠢᠭᠤᠯᠬᠤ᠂ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠰᠠᠨᠠᠭᠤᠯᠭ᠎ᠠ ᠳᠤᠷᠠᠳᠴᠤ᠂ 10 ᠭᠠᠷᠤᠶ ᠬᠥᠮᠦᠨ ᠤᠳᠠᠭ᠎ᠠ | ᠬᠠᠷᠢᠭᠤᠯᠲᠠ ᠥᠭᠴᠦ᠂ ᠠᠵᠤ ᠠᠬᠤᠶᠢᠯᠠᠯ ᠤᠨ ᠠᠵᠢᠯᠲᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ | ᠪᠦᠲᠦᠮᠵᠢᠲᠡᠶ ᠪᠠᠷ ᠳᠡᠭᠡᠭᠰᠢᠯᠡᠭᠦᠯᠪᠡ᠃ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠠᠷᠠᠳ ᠤᠨ ᠰᠠᠨᠠᠯ ᠢ ᠰᠣᠨᠣᠰᠴᠤ᠂ ᠵᠠᠰᠠᠭ ᠠᠵᠤ | ᠠᠬᠤᠶᠢᠯᠠᠯ ᠬᠤᠯᠪᠣᠭᠠᠯᠠᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ | ᠠᠵᠢᠯᠯᠠᠭ᠎ᠠ ᠨᠢ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠴᠦᠨ ᠴᠢᠳᠠᠪᠤᠷᠢ ᠶᠢ ᠴᠢᠩᠭᠠᠳᠬᠠᠬᠤ︾ ᠠᠵᠢᠯ ᠤᠨ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠦᠯᠬᠦᠮ ᠨᠡᠶᠢᠲᠡ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠬᠠᠶ ᠰᠠᠨᠠᠯ ᠢᠶᠠᠨ | ᠰᠣᠯᠢᠯᠴᠠᠪᠠ᠃ ︽ᠠᠵᠤ ᠠᠬᠤᠶᠢᠯᠠᠯ ᠢ ᠲᠤᠰᠠᠯᠠᠬᠤ ᠠᠩᠭᠢ︾ ᠶᠢᠨ ᠰᠢᠰᠲ᠋ᠧᠮ ᠠᠴᠠ ᠴᠢᠩᠱᠠᠨ ᠲᠣᠭᠤᠷᠢᠭ ᠤᠨ ︽ᠪᠥᠬᠦ | ᠬᠡᠯᠬᠢᠶ᠎ᠡ᠂ ᠣᠯᠠᠨ ᠬᠡᠮᠵᠢᠯᠲᠡ︾ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠲᠣᠭᠲᠠᠴᠠ ᠶᠢ ᠲᠠᠨᠢᠯᠴᠠᠭᠤᠯᠤᠭᠰᠠᠨ ᠪᠥᠭᠡᠳ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠯᠪᠠᠨ ᠤ | ᠲᠠᠯ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠬᠡᠷᠡᠭᠵᠢᠭᠦᠯᠦᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠬᠠᠤᠯᠢ ᠬᠡᠷᠡᠭᠵᠢᠭᠦᠯᠬᠦ ᠢᠯᠡ ᠲᠣᠳᠣ ᠣᠷᠴᠢᠨ ᠲᠣᠭᠤᠷᠢᠨ ᠢ ᠬᠠᠮᠲᠤᠪᠠᠷ | ᠪᠠᠶᠢᠭᠤᠯᠤᠨ᠎ᠠ᠃ ᠡᠭᠦᠨ ᠠᠴᠠ ᠭᠠᠳᠠᠨ᠎ᠠ᠂ ᠪᠦᠯᠬᠦᠮ ᠨᠡᠶᠢᠲᠡ ᠶᠢᠨ ᠬᠢᠨ ᠪᠠᠰᠠ ᠠᠵᠤ ᠠᠬᠤᠶᠢᠯᠠᠯ ᠳᠤ | ᠳᠣᠲᠣᠭᠠᠳᠤ ᠶᠢᠨ ᠲᠣᠭᠲᠠᠭᠠᠯ ᠳᠤ ᠨᠡᠶᠢᠴᠡᠭᠦᠯᠦᠨ ᠬᠢᠨᠠᠨ ᠪᠠᠶᠢᠴᠠᠭᠠᠬᠤ ᠲᠦᠷᠢᠮ ᠪᠠᠶᠢᠭᠤᠯᠵᠤ᠂ ᠭᠡᠷ᠎ᠡ ᠶᠢ | ᠭᠦᠢᠴᠡᠳᠬᠡᠬᠦ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠬᠠᠤᠯᠢ ᠴᠠᠭᠠᠵᠠ ᠶᠢᠨ ᠳᠤᠲᠠᠭᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠬᠠᠮᠢᠶᠠᠷᠤᠯᠲᠠ ᠶᠢᠨ ᠪᠣᠭᠤᠮᠲᠠ ᠶᠢ ᠤᠷᠤᠭᠰᠢ ᠰᠢᠯᠵᠢᠭᠦᠯᠬᠦ ᠶᠢ | ᠠᠬᠢᠭᠤᠯᠬᠤ ᠶᠢ ᠰᠠᠨᠠᠭᠤᠯᠪᠠ᠃ | ᠬᠠᠤᠯᠢ ᠪᠠᠷ ᠵᠠᠰᠠᠬᠤ ᠡᠨᠧᠷᠭᠢ ᠣᠯᠭᠤᠵᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠪᠡ | ᠲᠣᠰ ᠤᠳᠠᠭᠠᠨ ᠤ ᠠᠵᠢᠯᠯᠠᠭ᠎ᠠ ᠪᠣᠯ ︽ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠨᠠᠷᠢᠯᠢᠭ | ᠤᠨᠤᠪᠴᠢᠲᠠᠢ ᠦᠢᠯᠡᠴᠢᠯᠡᠬᠦ︾ ᠣᠨᠣᠯᠵᠢᠬᠤᠨ ᠢ ᠭᠦᠨᠵᠡᠭᠡᠶᠢᠷᠡᠭᠦᠯᠵᠦ᠂ ︽ᠠᠵᠤ ᠠᠬᠤᠶᠢᠯᠠᠯ ᠢ ᠲᠤᠰᠠᠯᠠᠬᠤ ᠠᠩᠭᠢ︾ | ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ ᠠᠵᠢᠯᠯᠠᠭ᠎ᠠ ᠶᠢᠨ ᠴᠢᠬᠤᠯᠠ ᠦᠢᠯᠡᠳᠦᠯᠭᠡ ᠶᠢ ᠨᠠᠶᠢᠳᠠᠪᠤᠷᠢᠵᠢᠭᠤᠯᠵᠤ᠂ | ᠪᠠᠶᠢᠩᠭᠤᠵᠢᠭᠤᠯᠤᠨ ᠰᠤᠷᠪᠤᠯᠵᠢᠯᠠᠬᠤ᠂ ᠲᠤᠰᠬᠠᠶ ᠰᠡᠳᠦᠪ ᠢᠶᠠᠷ ᠪᠣᠯᠪᠠᠰᠤᠷᠠᠭᠤᠯᠬᠤ᠂ ᠲᠣᠭᠲᠠᠭᠠᠯ ᠳᠤ ᠨᠡᠶᠢᠴᠡᠭᠦᠯᠦᠨ | ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠠᠶᠤᠯ ᠲᠦᠭᠰᠢᠭᠦᠷᠢ ᠶᠢ | ᠰᠡᠷᠭᠡᠶᠢᠯᠡᠵᠦ᠂ ᠬᠦᠴᠢᠷᠳᠡᠯ ᠢ ᠨᠢ ᠰᠢᠢᠳᠪᠦᠷᠢᠯᠡᠬᠦ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠰᠢᠰᠲ᠋ᠧᠮ ᠢ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠬᠦᠴᠦᠨ ᠢᠶᠠᠷ ᠠᠵᠤ ᠠᠬᠤᠶᠢᠯᠠᠯ ᠤᠨ | ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠪᠠ᠃ | ᠰᠠᠨ ᠾᠧ ᠬᠤᠯᠪᠣᠭᠠᠲᠤ ᠪᠠᠭᠤᠳᠠᠯ ᠤᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠶᠢ ᠳᠡᠭᠡᠳᠦ | ᠬᠡᠮᠵᠢᠶ᠎ᠡ ᠪᠠᠷ ᠦᠨᠡᠯᠡᠭᠰᠡᠨ ᠨᠢ᠄ ︽ᠠᠵᠤ ᠠᠬᠤᠶᠢᠯᠠᠯ ᠢ ᠲᠤᠰᠠᠯᠠᠬᠤ ᠠᠩᠭᠢ︾ ᠨᠢ ᠠᠵᠢᠯᠲᠠᠨ ᠠᠵᠢᠯᠴᠢᠨ ᠤ | ᠲᠥᠭᠡᠷᠢᠭᠳᠡᠯ ᠢ ᠬᠠᠷᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠠᠵᠤ ᠠᠬᠤᠶᠢᠯᠠᠯ ᠤᠨ ᠲᠣᠭᠲᠠᠭᠠᠯ ᠳᠤ | ᠨᠡᠶᠢᠴᠡᠭᠦᠯᠦᠨ ᠡᠵᠡᠩᠨᠡᠬᠦ ᠳᠤ ᠲᠤᠰᠬᠠᠶ ᠮᠡᠷᠭᠡᠵᠢᠯ ᠤᠨ ᠲᠥᠰᠦᠯ ᠬᠠᠩᠭᠠᠭᠰᠠᠨ ᠪᠠᠶᠢᠨ᠎ᠠ᠃ ᠡᠨᠡ ᠬᠦ ᠨᠢᠭᠤᠷᠳᠠᠬᠤ᠂ | ᠴᠡᠭ ᠠᠴᠠ ᠴᠡᠭ ᠲᠤ ᠬᠦᠷᠬᠦ ᠦᠢᠯᠡᠴᠢᠯᠡᠭᠡᠨ ᠤ ᠵᠠᠭᠪᠤᠷ ᠨᠢ ᠪᠢᠳᠡᠨ ᠳᠤ ᠬᠠᠤᠯᠢᠵᠢᠯ ᠤᠨ ᠡᠵᠡᠩᠨᠡᠯᠲᠡ ᠶᠢᠨ ᠣᠷᠴᠢᠨ | ᠨᠥᠬᠦᠴᠡᠯ ᠤᠨ ᠬᠠᠶᠢᠷ᠎ᠠ ᠰᠡᠳᠬᠢᠯᠭᠡ ᠪᠠ ᠡᠷᠴᠢᠮ ᠢ ᠦᠨᠡᠨ ᠬᠦ ᠮᠡᠳᠡᠷᠡᠭᠦᠯᠵᠦ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠠᠵᠤ | ᠠᠬᠤᠶᠢᠯᠠᠯ ᠢ ᠲᠤᠰᠠᠯᠠᠬᠤ ᠠᠩᠭᠢ︾ ᠪᠠᠷ ᠬᠥᠭᠦᠷᠭᠡ ᠪᠣᠯᠭᠠᠵᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠵᠤ | ᠠᠬᠤᠶᠢᠯᠠᠯ ᠤᠨ ᠬᠥᠭᠵᠢᠯᠲᠡ ᠶᠢᠨ ᠪᠥᠬᠦ ᠬᠡᠯᠬᠢᠶ᠎ᠡ ᠳᠤ ᠰᠢᠭᠢᠳᠴᠦ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠠᠤᠯᠢᠵᠢᠯ ᠤᠨ ᠰᠠᠭᠤᠷᠢ ᠶᠢ ᠪᠠᠲᠤ ᠴᠣᠭᠴᠠᠯᠠᠨ᠎ᠠ᠃ | | | | |