ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ︽23456 ᠠᠵᠢᠯ ᠤᠨ ᠠᠷᠭ᠎ᠠ︾᠎ ᠶᠢᠨ ᠬᠡᠪ ᠵᠠᠭᠪᠤᠷ ᠢ ᠡᠭᠦᠳᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/15
      ᠣᠶᠢᠷ᠎ᠠ ᠳᠤ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠮᠡᠷᠭᠡᠵᠢᠯ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠢᠰᠲ᠋ᠧᠮᠵᠢᠭᠰᠡᠨ᠂ ᠨᠠᠷᠢᠯᠢᠭ ᠤᠨᠤᠪᠴᠢᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶᠎ ᠤᠨ ᠬᠢᠵᠠᠭᠠᠷᠲᠤ ᠺᠣᠮᠫᠠᠨᠢ ᠪᠣᠯᠤᠨ ᠪᠤᠭᠤᠲᠤ ᠶᠢᠨ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽23456 ᠠᠵᠢᠯ ᠤᠨ ᠠᠷᠭ᠎ᠠ︾᠎ ᠶᠢᠨ ᠬᠡᠪ ᠳᠠᠭᠤᠷᠢᠶᠠᠯ ᠤᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠳᠡᠮᠵᠢᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠰᠢᠨ᠎ᠡ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠪᠠ᠃      ᠪᠣᠯᠪᠠᠰᠤᠷᠠᠭᠤᠯᠤᠯ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠲᠠᠯ᠎ᠠ ᠪᠠᠷ᠂ ᠳᠠᠭᠠᠭᠠᠴᠢᠯᠠᠨ ᠬᠤᠯᠪᠣᠭᠠᠯᠠᠭᠰᠠᠨ ᠬᠥᠮᠦᠰ ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠥᠷᠨᠢᠭᠦᠯᠵᠦ᠂ ︽23456 ᠠᠵᠢᠯ ᠤᠨ ᠠᠷᠭ᠎ᠠ︾᠎ ᠶᠢᠨ ᠳᠤᠮᠳᠠᠬᠢ ᠠᠮᠤᠷ ᠲᠦᠪᠰᠢᠨ ᠤ ᠬᠠᠮᠢᠶᠠᠷᠤᠯᠲᠠ ᠶᠢᠨ ᠭᠤᠤᠯᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠳ ᠲᠤ ᠣᠨᠣᠯ ᠪᠠ ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠬᠢᠪᠠ᠃ ᠵᠢᠱᠢᠶᠡᠯᠡᠪᠡᠯ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠳᠤ ᠴᠢᠭᠯᠡᠭᠦᠯᠦᠨ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠠᠵᠢᠯᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠵᠦ᠂ ᠲᠡᠳᠡᠨᠤᠰ ᠤᠨ ᠵᠢᠷᠤᠮᠵᠢᠯ ᠲᠠᠢ ᠠᠵᠢᠯᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢ ᠲᠣᠬᠢᠷᠠᠭᠤᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠠᠷᠭ᠎ᠠ ᠶᠢᠨ ᠲᠠᠶᠢᠯᠤᠮᠵᠢ ᠬᠢᠯᠭᠡᠵᠦ᠂ ᠲᠡᠳᠡᠨᠤᠰ ‍ᠤᠨ‌ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠴᠢᠩᠭᠠᠷᠠᠭᠤᠯᠵᠤ᠂ ᠠᠵᠢᠯᠲᠠᠨ ᠤ ᠬᠡᠪ ᠴᠢᠨᠠᠷ ᠤᠨ ᠲᠠᠯ᠎ᠠ ᠠᠴᠠ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠢ ᠪᠣᠶ ᠪᠣᠯᠭᠠᠬᠤ ᠳᠤ ᠰᠠᠭᠤᠷᠢ ᠶᠢ ᠪᠠᠬᠢᠵᠢᠭᠦᠯᠦᠨ᠎ᠡ᠃      ᠮᠡᠷᠭᠡᠵᠢᠯ ᠤᠨ ᠳᠡᠮᠵᠢᠯᠭᠡ ᠶᠢᠨ ᠲᠠᠯ᠎ᠠ ᠪᠠᠷ᠂ ᠳᠠᠭᠠᠭᠠᠴᠢᠯᠠᠨ ᠬᠤᠯᠪᠣᠭᠠᠯᠠᠭᠰᠠᠨ ᠬᠥᠮᠥᠰ ᠢ ᠦᠵᠡᠨ ᠲᠣᠬᠢᠷᠠᠭᠤᠯᠵᠤ ᠪᠣᠯᠬᠤ ᠲᠠᠪᠴᠠᠩ ᠳᠤ ᠵᠠᠯᠭᠠᠨ ᠣᠷᠣᠭᠤᠯᠵᠤ᠂ ᠠᠵᠤ ᠠᠬᠤᠶᠢᠯᠠᠯ ᠢ ᠬᠠᠪᠰᠤᠷᠤᠨ ᠣᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠢᠱᠢᠶᠡᠯᠡᠪᠡᠯ᠂ ᠦᠵᠡᠵᠦ ᠬᠢᠵᠦ ᠪᠣᠯᠬᠤ ᠲᠣᠬᠢᠷᠠᠭᠤᠯᠤᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠶᠠᠪᠤᠴᠠ ᠳᠠᠬᠢ ᠵᠠᠩᠭᠢᠯᠠᠭ᠎ᠠ ᠶᠢᠨ ᠠᠮᠤᠷ ᠲᠦᠪᠰᠢᠨ ᠤ ᠭᠦᠢᠴᠡᠳᠬᠡᠯ ᠲᠤᠭ᠎ᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠡᠬᠢᠨ ᠤ ᠬᠤᠭᠤᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ︔ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠳᠠᠯᠳᠠ ᠬᠡᠮ ᠢ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠬᠢᠭᠡᠳ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠭᠠᠷᠠᠭ ᠪᠦᠷᠢ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠬᠤ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠶᠢ ᠴᠤᠭᠯᠠᠭᠤᠯᠵᠤ᠂ ᠠᠵᠤ ᠠᠬᠤᠶᠢᠯᠠᠯ ᠤᠨ ᠬᠡᠪ ᠤᠨ ᠪᠤᠰᠤ ᠠᠵᠢᠯ ᠬᠢᠭᠡᠳ ᠪᠠᠶᠢᠴᠠᠭᠠᠨ ᠰᠡᠯᠪᠢᠨ ᠵᠠᠰᠠᠬᠤ ᠠᠵᠢᠯ ᠤᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠠᠵᠢᠯ ᠲᠥᠷᠥᠯ ᠤᠨ ᠮᠡᠷᠭᠡᠵᠢᠯ ᠤᠨ ᠬᠡᠷᠡᠭᠯᠡᠭᠡᠨ ᠤ ᠬᠡᠪ ᠳᠠᠭᠤᠷᠢᠶᠠᠯ ᠪᠣᠯᠭᠠᠨ᠎ᠠ᠃      ᠡᠭᠦᠨ ᠠᠴᠠ ᠭᠠᠳᠠᠨ᠎ᠠ᠂ ᠳᠠᠭᠠᠭᠠᠴᠢᠯᠠᠨ ᠬᠠᠷᠢᠯᠴᠠᠬᠤ ᠬᠥᠮᠦᠰ ᠪᠠᠰᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠤᠰᠤᠳ ᠠᠵᠢᠯ ᠲᠥᠷᠥᠯ ᠤᠨ ᠬᠡᠪ ᠳᠠᠭᠤᠷᠢᠶᠠᠯ ᠤᠨ ᠠᠵᠤ ᠠᠬᠤᠶᠢᠯᠠᠯ ᠤᠨ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠤᠨ ᠲᠡᠷᠢᠭᠦᠨ ᠤ ᠬᠢ ᠲᠠᠢ ᠬᠠᠷᠢᠴᠠᠭᠤᠯᠤᠨ ᠵᠥᠷᠢᠶ᠎ᠡ ᠪᠠᠨ ᠡᠷᠢᠬᠦ ᠶᠢ ᠬᠥᠲᠥᠯᠥᠨ ᠵᠢᠯᠣᠭᠤᠳᠴᠤ᠂ ᠰᠢᠯᠢᠳᠡᠭ ᠠᠮᠤᠷ ᠲᠦᠪᠰᠢᠨ ᠤ ᠬᠠᠮᠢᠶᠠᠷᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠲᠣᠰ ᠪᠡᠶ᠎ᠡ ᠶᠢᠨ ︽23456 ᠠᠵᠢᠯ ᠤᠨ ᠠᠷᠭ᠎ᠠ︾᠎ ᠶᠢ ᠬᠡᠷᠡᠭᠵᠢᠭᠦᠯᠬᠦ ᠠᠷᠭ᠎ᠠ ᠵᠠᠮ ᠢᠶᠠᠨ ᠰᠢᠯᠢᠳᠡᠭᠵᠢᠭᠦᠯᠪᠡ᠃ ᠡᠭᠦᠨ ᠤ ᠬᠠᠮᠲᠤ᠂ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ︽ᠨᠢᠭᠡ ᠳᠤ ᠨᠢᠭᠡ︾᠎ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠡᠷᠲᠡᠬᠡᠨ ︽23456 ᠠᠵᠢᠯ ᠤᠨ ᠠᠷᠭ᠎ᠠ︾᠎ ᠶᠢᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠪᠣᠯᠬᠤ ᠳᠤ ᠬᠦᠴᠦᠨ ᠨᠡᠮᠡᠷᠢᠯᠡᠵᠦ᠂ ᠠᠵᠢᠯ ᠲᠥᠷᠥᠯ ᠤᠨ ᠠᠮᠤᠷ ᠲᠦᠪᠰᠢᠨ ᠤ ᠬᠥᠭᠵᠢᠯᠲᠡ ᠶᠢᠨ ᠬᠡᠪ ᠳᠠᠭᠤᠷᠢᠶᠠᠯ ᠢ ᠪᠣᠶ ᠪᠣᠯᠭᠠᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号