ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ︽ᠬᠡᠷᠡᠭ ᠢᠶᠠᠷ ᠵᠠᠰᠠᠬᠤ ᠶᠢ ᠠᠬᠢᠭᠤᠯᠬᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ︾ ᠭᠤᠤᠯ | ᠰᠡᠳᠦᠪᠲᠦ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶᠢᠷᠡᠭᠦᠯᠵᠦ᠂ ᠺᠠᠳ᠋ᠷ ᠠᠵᠢᠯᠲᠠᠨ ᠠᠵᠢᠯᠴᠢᠨ ᠤ ᠬᠠᠤᠯᠢ ᠴᠠᠭᠠᠵᠠ | ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠴᠢᠩᠱᠠᠨ ᠲᠣᠭᠤᠷᠢᠭ ᠤᠨ ᠨᠡᠶᠢᠭᠡᠮ ᠤᠨ | ᠪᠠᠲᠤᠯᠠᠭ᠎ᠠ ᠶᠢᠨ ᠲᠥᠪ ᠠᠴᠠ 5 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠠᠶᠤᠯ ᠲᠦᠭᠰᠢᠭᠦᠷᠢ ᠶᠡᠬᠡᠲᠡᠶ | ᠲᠤᠬᠠᠶᠢᠯᠠᠭᠰᠠᠨ ᠠᠵᠢᠯ ᠤᠨ ᠪᠠᠶᠢᠷᠢ ᠶᠢᠨ ᠬᠥᠮᠦᠰ ᠢ ᠵᠣᠬᠢᠶᠠᠨ ᠪᠠᠶᠢᠭᠤᠯᠵᠤ ᠴᠢᠩᠱᠠᠨ ᠲᠣᠭᠤᠷᠢᠭ ᠤᠨ ᠠᠷᠠᠳ ᠤᠨ | ᠰᠢᠭᠦᠬᠦ ᠬᠤᠷᠢᠶ᠎ᠠ ᠳᠤ ᠣᠴᠢᠭᠤᠯᠵᠤ ᠡᠷᠬᠡ ᠲᠤᠰᠢᠶᠠᠯ ᠤᠨ ᠶᠠᠯᠠᠲᠤ ᠬᠡᠷᠡᠭ ᠤᠨ ᠲᠢᠩᠬᠢᠮ ᠤᠨ ᠰᠢᠭᠦᠯᠲᠡ ᠶᠢ ᠰᠤᠯᠠ | ᠰᠣᠨᠣᠰᠤᠭᠤᠯᠵᠤ᠂ ︽ᠥᠴᠦᠬᠡᠨ ᠴᠦ ᠵᠠᠶ ᠥᠬᠡᠶ︾ ᠪᠠᠷ ᠳᠠᠮᠵᠢᠭᠤᠯᠤᠨ ᠬᠠᠤᠯᠢ ᠴᠠᠭᠠᠵᠠ ᠶᠢᠨ ᠰᠢᠭᠦᠨ | ᠲᠠᠰᠤᠯᠤᠯᠲᠠ ᠲᠠᠢ ᠣᠶᠢᠷᠠᠲᠤᠭᠤᠯᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ | ᠴᠢᠩᠭᠠᠳᠬᠠᠪᠠ᠃ | ᠲᠣᠰ ᠤᠳᠠᠭᠠᠨ ᠤ ᠰᠤᠯᠠ ᠰᠣᠨᠣᠰᠬᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ︽ᠠᠷᠪᠠᠨ ᠨᠢᠭᠡ︾ ᠶᠢᠨ | ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠭᠡ ᠪᠣᠯᠤᠨ᠎ᠠ᠃ ᠲᠢᠩᠬᠢᠮ ᠤᠨ ᠰᠢᠭᠦᠯᠲᠡ ᠶᠢᠨ ᠶᠠᠪᠤᠴᠠ ᠳᠤ᠂ ᠺᠠᠳ᠋ᠷ | ᠠᠵᠢᠯᠲᠠᠨ ᠰᠢᠭᠦᠬᠦ ᠲᠢᠩᠬᠢᠮ ᠤᠨ ᠪᠠᠶᠢᠴᠠᠭᠠᠯᠲᠠ᠂ ᠭᠡᠷᠡᠴᠢ ᠭᠠᠷᠭᠠᠵᠤ ᠭᠡᠷᠡᠴᠢ ᠲᠤᠯᠭᠠᠬᠤ ᠭᠡᠷᠡᠴᠢᠯᠡᠭᠡ᠂ ᠰᠢᠭᠦᠬᠦ | ᠲᠢᠩᠬᠢᠮ ᠤᠨ ᠮᠠᠷᠭᠤᠯᠳᠤᠭᠠᠨ ᠵᠡᠷᠭᠡ ᠭᠤᠭᠴᠤᠭ᠎ᠠ ᠶᠢ ᠪᠦᠬᠦ ᠶᠠᠪᠤᠴᠠ ᠪᠠᠷ ᠲᠣᠭᠤᠷᠢᠨ ᠦᠵᠡᠵᠦ᠂ ᠬᠡᠷᠡᠭ ᠲᠤ | ᠬᠤᠯᠪᠣᠭᠳᠠᠭᠰᠠᠨ ᠬᠥᠮᠥᠰ ᠤᠨ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠨᠠᠷᠢᠨ ᠵᠦᠢᠯᠡᠰ ᠵᠢᠴᠢ ᠬᠠᠤᠯᠢ | ᠴᠠᠭᠠᠵᠠ ᠶᠢᠨ ᠦᠷ᠎ᠡ ᠳ᠋ᠦᠩ ᠢ ᠰᠢᠭᠤᠳ ᠣᠶᠢᠯᠠᠭᠠᠪᠠ᠃ ︽ᠰᠢᠭᠦᠬᠦ ᠲᠢᠩᠬᠢᠮ ᠤᠨ ᠰᠢᠭᠦᠨ ᠲᠠᠰᠤᠯᠤᠯᠲᠠ ᠶᠢᠨ | ᠲᠤᠬᠠᠢ ᠶᠢᠨ ᠲᠠᠯᠠᠪᠠᠢ ᠲᠥᠪ ᠶᠡᠬᠡᠮᠰᠦᠭ᠂ ᠬᠠᠤᠯᠢ ᠶᠢ ᠵᠥᠷᠢᠴᠡᠭᠰᠡᠳ ᠤᠨ ᠭᠡᠮᠰᠢᠯ ᠢ ᠪᠡᠶ᠎ᠡ ᠪᠠᠷ ᠢᠶᠠᠨ ᠰᠣᠨᠣᠰᠴᠤ᠂ | ᠶᠠᠮᠠᠷᠪᠠ ᠦᠰᠦᠭ ᠪᠢᠴᠢᠭ ᠤᠨ ᠰᠡᠷᠡᠮᠵᠢᠯᠡᠭᠦᠯᠬᠦ ᠠᠴᠠ ᠨᠠᠩ ᠰᠡᠳᠬᠢᠯ ᠵᠢᠷᠦᠬᠡ ᠶᠢ ᠳᠣᠭᠳᠣᠯᠤᠭᠤᠯᠤᠨ᠎ᠠ︾᠂ ᠰᠤᠯᠠ | ᠰᠣᠨᠣᠰᠬᠤ ᠳᠤ ᠣᠷᠣᠯᠴᠠᠭᠰᠠᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ ︽ᠨᠡᠶᠢᠭᠡᠮ ᠤᠨ ᠳᠠᠭᠠᠳᠬᠠᠯ ᠤᠨ ᠬᠦᠷᠢᠶᠡᠨ ᠳᠠᠬᠢ ᠰᠡᠷᠡᠮᠵᠢᠯᠡᠭᠦᠯᠬᠦ ᠬᠥᠮᠦᠵᠢᠯ ᠢ ᠢᠳᠡᠪᠬᠢᠲᠡᠢ | ᠥᠷᠨᠢᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠤᠯᠤᠰ ᠲᠥᠷᠥ ᠶᠢᠨ | ᠪᠣᠭᠤᠮᠲᠠ᠂ ᠦᠵᠡᠯ ᠰᠠᠨᠠᠭᠠᠨ ᠤ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠡᠷᠡᠰ ᠪᠠᠲᠤ ᠰᠠᠬᠢᠵᠤ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠰᠡᠳᠬᠢᠯ ᠳᠡᠭᠡᠨ ᠵᠢᠷᠦᠬᠡᠰᠢᠶᠡᠯ ᠲᠠᠢ ᠪᠠᠶᠢᠵᠤ᠂ ᠦᠢᠯᠡ | ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠥᠪᠴᠢ ᠪᠠᠨ ᠴᠢᠩᠭᠠᠯᠠᠵᠤ᠂ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︾ ᠭᠡᠵᠦ ᠰᠡᠳᠬᠢᠯ ᠳᠣᠭᠳᠣᠯᠤᠨ ᠬᠡᠯᠡᠪᠡ᠃ | ᠬᠡᠷᠡᠭ ᠤᠨ ᠠᠷᠤ ᠳᠠᠬᠢ ᠦᠵᠡᠯ ᠰᠠᠨᠠᠭ᠎ᠠ ᠤᠷᠤᠭᠤᠳᠠᠬᠤ᠂ ᠳᠦᠷᠢᠮ ᠤᠨ ᠳᠤᠲᠠᠭᠳᠠᠯ ᠪᠠ ᠬᠢᠨᠠᠯᠲᠠ ᠬᠠᠮᠢᠶᠠᠷᠤᠯᠲᠠ | ᠳᠤᠲᠠᠭᠳᠠᠬᠤ ᠠᠰᠠᠭᠤᠳᠠᠯ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ | ᠠᠵᠢᠯᠲᠠᠨ ᠳᠤ ᠰᠡᠷᠡᠮᠵᠢ ᠶᠢᠨ ᠳᠣᠬᠢᠶ᠎ᠠ ᠥᠭᠪᠡ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠣᠰ | ᠤᠳᠠᠭᠠᠨ ᠤ ᠰᠤᠯᠠ ᠰᠣᠨᠣᠰᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠡᠷᠡᠭ ᠤᠨ ᠢᠯᠡᠴᠢᠯᠡᠭᠰᠡᠨ | ᠲᠦᠭᠰᠢᠭᠦᠷᠢ ᠶᠢᠨ ᠴᠡᠭ ᠲᠠᠢ ᠤᠶᠠᠯᠳᠤᠭᠤᠯᠤᠨ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠳᠣᠲᠣᠭᠠᠳᠤ | ᠡᠵᠡᠮᠳᠡᠯ ᠤᠨ ᠪᠠᠶᠢᠴᠠᠭᠠᠯᠲᠠ᠂ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ | ᠵᠢᠭᠰᠠᠭᠠᠨ ᠪᠠᠶᠢᠴᠠᠭᠠᠬᠤ ᠵᠢᠴᠢ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠰᠡᠷᠭᠦ | ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠷᠤᠯᠴᠠᠵᠤ ᠰᠤᠳᠤᠯᠤᠨ ᠶᠠᠷᠢᠯᠴᠠᠪᠠ᠃ ︽ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ︾ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠵᠤ᠂ ᠰᠠᠭᠤᠷᠢ ᠮᠥᠩᠭᠦᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠦᠨᠡᠨ ᠬᠦ ᠪᠠᠲᠤ ᠪᠠᠬᠢ | ᠪᠠᠶᠢᠭᠤᠯᠵᠤ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾᠂ ︽ᠠᠮᠢ ᠠᠪᠤᠷᠠᠬᠤ ᠵᠣᠭᠤᠰ︾ ᠢ | ᠰᠠᠶᠢᠲᠤᠷ ᠰᠠᠬᠢᠨ ᠬᠠᠮᠠᠭᠠᠯᠠᠨ᠎ᠠ᠃ | | | | | | | | |