ᠮᠦᠩᠬᠡᠵᠢᠯ ᠵᠠᠮ ᠤᠨ ᠵᠡᠭᠡᠯᠢ ᠭᠤᠳᠤᠮᠵᠢ ︽ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠵᠤ ᠬᠤᠣᠰᠯᠠᠨ ᠳᠠᠭᠠᠭᠠᠴᠢᠯᠠᠬᠤ︾ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ︽ᠠᠳᠠᠯ ᠠᠬᠤᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾᠎ ᠢᠶᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠲᠠᠢ ᠣᠶᠢᠷᠠᠲᠤᠭᠰᠠᠨ ᠨᠡᠶᠢᠭᠡᠮ ᠲᠣᠭᠤᠷᠢᠭ ᠬᠢᠭᠡᠳ ᠠᠳᠠᠯ ᠠᠬᠤᠶ ᠶᠢᠨ ᠠᠵᠤ ᠠᠬᠤᠶᠢᠯᠠᠯ ᠤᠨ ︽ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠵᠤ ᠬᠤᠣᠰᠯᠠᠨ ᠳᠠᠭᠠᠭᠠᠴᠢᠯᠠᠬᠤ︾ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠤᠭᠰᠠᠨ ᠨᠢ ᠨᠠᠮ ᠤᠨ ᠵᠣᠬᠢᠶᠠᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠵᠤ᠂ ᠨᠡᠶᠢᠭᠡᠮ ᠲᠣᠭᠤᠷᠢᠭ᠂ ᠠᠳᠠᠯ ᠠᠬᠤᠶ᠂ ᠠᠵᠢᠯ ᠦᠢᠯᠡᠰ ᠤᠨ ᠵᠥᠪᠯᠡᠯ᠂ ᠬᠠᠮᠲᠤᠪᠠᠷ ᠪᠠᠶᠢᠭᠤᠯᠬᠤ ᠨᠢᠭᠡᠴᠢ ᠵᠡᠷᠭᠡ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠶᠢᠨ ᠵᠣᠷᠢᠯᠭ᠎ᠠ ᠨᠢ ᠮᠥᠨ ᠴᠦ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠵᠠᠮ ᠳᠡᠭᠡᠷ᠎ᠡ ᠳᠠᠬᠢᠨ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠵᠡᠭᠡᠯᠢ ᠭᠤᠳᠤᠮᠵᠢ᠂ ᠠᠳᠠᠯ ᠠᠬᠤᠶ ᠶᠢᠨ ᠬᠦᠷᠢᠶᠡᠨ ᠳᠠᠬᠢ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠮ ᠤᠨ ᠪᠠᠶᠢᠭᠤᠯᠤᠯᠲᠠ ᠶᠢ ᠬᠠᠮᠲᠤ ᠪᠠᠷ ᠳᠥᠯᠭᠢᠨ ᠠᠬᠢᠭᠤᠯᠵᠤ ᠠᠳᠠᠯ ᠠᠬᠤᠶ ᠶᠢᠨ ᠬᠠᠮᠢᠶᠠᠷᠤᠯᠲᠠ ᠶᠢ ᠬᠥᠲᠥᠯᠦᠨ ᠳᠠᠭᠠᠭᠤᠯᠬᠤ ᠲᠤᠬᠠᠶ ᠵᠠᠳᠠᠯᠤᠯᠲᠠ ᠥᠭᠦᠯᠡᠯᠲᠡ ᠬᠢᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠦᠢᠯᠡᠰ ᠤᠨ ᠵᠥᠪᠯᠡᠯ᠂ ᠠᠳᠠᠯ ᠠᠬᠤᠶ ᠶᠢᠨ ᠠᠵᠤ ᠠᠬᠤᠶᠢᠯᠠᠯ ᠵᠡᠷᠭᠡ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠠᠳᠠᠯ ᠠᠬᠤᠶ ᠶᠢᠨ ᠦᠢᠯᠡᠴᠢᠯᠡᠭᠡ ᠲᠠᠢ ᠭᠦᠨᠵᠡᠭᠡᠶ ᠠᠭᠤᠰᠤᠯᠴᠠᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠣᠯᠠᠨ ᠲᠦᠮᠡᠨ ᠳᠤ ᠨᠠᠷᠢᠯᠢᠭ ᠦᠢᠯᠡᠴᠢᠯᠡᠭᠡ ᠶᠢ ᠬᠠᠩᠭᠠᠵᠤ᠂ ︽ᠰᠡᠳᠬᠢᠯ ᠢ ᠳᠤᠯᠠᠭᠠᠴᠠᠭᠤᠯᠬᠤ ᠶᠠᠪᠤᠳᠠᠯ︾᠎ ᠢ ᠰᠠᠶᠢᠲᠤᠷ ᠬᠢᠵᠦ᠂ ︽ᠪᠤᠬᠢᠨᠢᠳᠤᠯ ᠲᠠᠢ ᠶᠠᠪᠤᠳᠠᠯ︾᠎ ᠢ ᠰᠢᠢᠳᠪᠦᠷᠢᠯᠡᠵᠦ᠂ ︽ᠰᠡᠳᠬᠢᠯ ᠤᠨ ᠬᠥᠮᠦᠨ︾ ᠪᠣᠯᠬᠤ ᠬᠡᠷᠡᠭᠲᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠣᠲᠣ ᠶᠢᠨ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠵᠥᠪ ᠢᠶᠠᠷ ᠬᠠᠨᠳᠤᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠤᠨ᠂ ᠨᠡᠶᠢᠭᠡᠮ ᠲᠣᠭᠤᠷᠢᠭ᠂ ᠠᠵᠢᠯ ᠤᠨ ᠵᠥᠪᠯᠡᠯ ︵ᠪᠣᠳᠠᠰ ᠤᠨ ᠬᠠᠮᠢᠶᠠᠷᠤᠯᠲᠠ ᠶᠢᠨ ᠵᠥᠪᠯᠡᠯ︶᠎ ᠤᠨ ᠠᠵᠢᠯ ᠳᠤ ᠢᠳᠡᠪᠬᠢᠲᠡᠶ ᠬᠠᠮᠵᠢᠯᠴᠠᠵᠤ᠂ ᠭᠤᠷᠪᠠᠨ ᠲᠠᠯ᠎ᠠ ᠶᠢᠨ ᠬᠡᠷᠡᠭ ᠵᠥᠪᠯᠡᠬᠦ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠲᠠᠪᠴᠠᠩ ᠤᠨ ᠡᠬᠢ ᠪᠠᠶᠠᠯᠢᠭ ᠪᠠ ᠳᠠᠪᠠᠭᠤᠯᠢᠭ ᠢ ᠭᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠶᠦᠩ ᠱᠧᠩ ᠴᠧᠩ ᠠᠳᠠᠯ ᠠᠬᠤᠶ ᠨᠢ ᠠᠳᠠᠯ ᠠᠬᠤᠶ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠣᠪᠣᠷ ᠢᠶᠠᠨ ᠢᠯᠡᠳᠬᠡᠵᠦ᠂ ᠠᠳᠠᠯ ᠠᠬᠤᠶ ᠶᠢᠨ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ᠂ ᠠᠳᠠᠯ ᠠᠬᠤᠶ᠂ ᠥᠮᠴᠢᠲᠡᠨ ᠳᠤ ᠨᠡᠪᠲᠡᠷᠡᠯᠴᠡᠬᠦ ᠬᠥᠭᠦᠷᠭᠡ ᠪᠠᠶᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠵᠠᠰᠠᠯᠲᠠ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢ ᠠᠭᠤᠰᠤᠯᠴᠠᠭᠤᠯᠤᠨ ᠬᠠᠮᠲᠤᠪᠠᠷ ᠤᠷᠤᠭᠰᠢᠯᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠶᠢ ᠬᠦᠰᠡᠵᠦ ᠪᠠᠶᠢᠨ᠎ᠠ ᠭᠡᠪᠡ᠃   ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠰᠢᠨ᠎ᠡ ᠬᠡᠯᠪᠡᠷᠢ ᠶᠢᠨ ᠨᠡᠶᠢᠭᠡᠮ ᠲᠣᠭᠤᠷᠢᠭ᠂ ᠢᠦᠢ ᠼᠠᠢ ᠨᠡᠶᠢᠭᠡᠮ ᠲᠣᠭᠤᠷᠢᠭ ᠵᠡᠷᠭᠡ 8 ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠲᠤᠰ ᠲᠤᠰ 8 ᠠᠳᠠᠯ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ︽ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠵᠤ ᠬᠤᠣᠰᠯᠠᠨ ᠳᠠᠭᠠᠭᠠᠴᠢᠯᠠᠬᠤ ᠬᠡᠯᠡᠯᠴᠡᠭᠡᠷ ᠤᠨ ᠪᠢᠴᠢᠭ︾ ᠲᠣᠭᠲᠠᠵᠤ᠂ ᠬᠠᠮᠲᠤᠪᠠᠷ ᠪᠠᠶᠢᠭᠤᠯᠬᠤ ᠬᠠᠷᠠᠯᠲᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠭᠰᠠᠨ ᠨᠢ ᠤᠯᠠᠨ ᠲᠠᠯ᠎ᠠ ᠶᠢᠨ ᠬᠠᠮᠲᠤᠷᠠᠯᠴᠠᠭ᠎ᠠ ᠰᠢᠨ᠎ᠡ ᠭᠠᠷᠤᠭ᠎ᠠ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠠᠳᠠᠯ ᠠᠬᠤᠶ ᠶᠢᠨ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠵᠡᠭᠡᠯᠢ ᠭᠤᠳᠤᠮᠵᠢ ᠪᠠᠰᠠ ᠰᠢᠨ᠎ᠡ ᠬᠡᠯᠪᠡᠷᠢ ᠶᠢᠨ ᠨᠡᠶᠢᠭᠡᠮ ᠲᠣᠭᠤᠷᠢᠭ ᠤᠨ ᠶᠦᠩ ᠱᠧᠩ ᠴᠧᠩ ᠠᠳᠠᠯ ᠠᠬᠤᠶ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠫᠠᠶᠢᠰᠠ ᠡᠯᠭᠦᠨ ᠵᠡᠭᠡᠯᠢ ᠭᠤᠳᠤᠮᠵᠢ ᠶᠢᠨ ᠱᠠᠲᠤᠨ ᠤ ︽ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠬᠦ ᠲᠥᠪ︾᠎ ᠢ ᠪᠠᠶᠢᠭᠤᠯᠪᠠ᠃ ᠰᠡᠭᠦᠯᠴᠢ ᠶᠢᠨ ᠬᠤᠭᠤᠴᠠᠭᠠᠨ ᠳᠤ᠂ ᠵᠡᠭᠡᠯᠢ ᠭᠤᠳᠤᠮᠵᠢ ᠶᠢᠨ ᠬᠢᠨ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠵᠥᠪᠯᠡᠭᠴᠢ᠂ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠲᠠᠢ ᠬᠠᠮᠲᠤᠷᠠᠨ ᠡᠶᠡᠳᠡᠭᠦᠯᠬᠦ ᠪᠦᠯᠬᠦᠮ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠦᠨ᠂ ᠠᠳᠠᠯ ᠠᠬᠤᠶ ᠶᠢᠨ ᠠᠰᠠᠭᠤᠳᠠᠯ ︵ᠵᠢᠱᠢᠶᠡᠯᠡᠪᠡᠯ ᠴᠠᠬᠢᠯᠭᠠᠨ ᠱᠠᠲᠤᠨ ᠤ ᠠᠮᠤᠷ ᠲᠦᠪᠰᠢᠨ᠂ ᠲᠠᠭᠤ ᠱᠤᠤᠭᠢᠶᠠᠨ ᠢᠶᠠᠷ ᠠᠷᠠᠳ ᠢ ᠦᠢᠮᠡᠭᠦᠯᠬᠦ︶᠎ ᠢ ᠲᠤᠰᠬᠠᠶᠢᠯᠠᠨ ᠵᠠᠰᠠᠬᠤ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡᠨ ᠤ ᠴᠢᠳᠠᠪᠤᠷᠢ ᠪᠠ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠣᠶᠢᠯᠠᠭᠠᠭᠰᠠᠨ ᠢᠶᠠᠷ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠨᠡᠶᠢᠭᠡᠮ ᠲᠣᠭᠤᠷᠢᠭ᠂ ᠠᠳᠠᠯ ᠠᠬᠤᠶ᠂ ᠠᠵᠢᠯ ᠦᠢᠯᠡᠰ ᠤᠨ ᠵᠥᠪᠯᠡᠯ ᠤᠨ ︽ᠭᠤᠷᠪᠠᠨ ᠲᠠᠯ᠎ᠠ ᠪᠠᠷ ᠢᠶᠠᠨ ᠬᠥᠳᠡᠯᠦᠯᠴᠡᠬᠦ︾ ᠲᠣᠭᠲᠠᠴᠠ ᠶᠢ ᠳᠥᠯᠭᠢᠨ ᠠᠬᠢᠭᠤᠯᠤᠭᠰᠠᠨ ᠠᠴᠠ ᠨᠠᠭᠠᠰᠢ᠂ ᠰᠠᠭᠤᠭᠠᠯᠢ ᠠᠷᠠᠳ ᠤᠨ ᠵᠠᠭᠠᠯᠳᠤᠯᠭ᠎ᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 35%᠎ ᠪᠠᠷ ᠪᠠᠭᠤᠷᠠᠵᠤ᠂ ᠨᠡᠶᠢᠭᠡᠮ ᠲᠣᠭᠤᠷᠢᠭ ᠬᠢᠭᠡᠳ ᠡᠯ᠎ᠡ ᠨᠢᠭᠡᠴᠢ ᠬᠤᠯᠪᠣᠭᠠᠯᠠᠨ ᠥᠷᠨᠢᠭᠦᠯᠦᠭᠰᠡᠨ ︽ᠨᠠᠮ ᠤᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ︾᠎ ᠶᠢᠨ ᠲᠥᠷᠥᠯ ᠵᠦᠢᠯ ᠨᠢ ᠴᠦ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠠᠳᠠᠯ ᠠᠬᠤᠶ ᠶᠢᠨ ᠨᠠᠮ ᠤᠨ ᠪᠠᠶᠢᠭᠤᠯᠤᠯᠲᠠ ᠶᠢ ᠬᠤᠯᠪᠣᠭᠠᠯᠠᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠠᠭᠤᠰᠤᠯᠴᠠᠭᠤᠯᠬᠤ ᠶᠢ ᠦᠷᠭᠦᠯᠵᠢᠯᠡᠨ ᠠᠬᠢᠭᠤᠯᠵᠤ᠂ ᠠᠳᠠᠯ ᠠᠬᠤᠶ ᠶᠢᠨ ᠦᠢᠯᠡᠴᠢᠯᠡᠭᠡ ᠶᠢ ᠨᠠᠷᠢᠯᠢᠬᠵᠢᠭᠤᠯᠤᠨ ᠳᠡᠭᠡᠭᠰᠢᠯᠡᠭᠦᠯᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠬᠦᠴᠦᠯᠡᠨ ᠨᠥᠬᠦᠪᠥᠷᠢᠯᠡᠵᠦ᠂ ᠠᠳᠠᠯ ᠠᠬᠤᠶ ᠶᠢᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠭᠡ ᠵᠢᠵᠢᠭ ᠲᠣᠭᠤᠷᠢᠭ ᠨᠢᠭᠡ ᠬᠢᠯᠠᠰ ᠴᠡᠭ︾᠎ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ︽ᠪᠠᠴᠢᠮ ᠪᠡᠷᠬᠡ ᠵᠣᠪᠠᠨᠢᠯ︾᠎ ᠤᠨ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠰᠢᠨ᠎ᠡ ᠠᠷᠭ᠎ᠠ ᠵᠠᠮ ᠢ ᠬᠠᠮᠲᠤ ᠪᠠᠷ ᠬᠠᠶᠢᠨ ᠰᠦᠪᠡᠭᠴᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠣᠯᠭᠠᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号