ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠢᠨᠠᠨ ᠪᠤᠳᠤᠬᠤ | ᠲᠣᠪᠴᠢᠶ᠎ᠠ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠯᠠ ᠮᠥᠩᠭᠦ ᠪᠠ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠨᠥᠬᠦᠪᠥᠷᠢ | ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠢᠩᠭ᠎ᠠ᠂ ᠣᠨᠣᠪᠴᠢᠲᠠᠶ᠂ | ᠪᠣᠳᠠᠲᠠᠶ᠂ ᠦᠷ᠎ᠡ ᠪᠦᠲᠦᠮᠵᠢ︾ ᠳᠥᠷᠪᠡᠨ ᠦᠰᠦᠭ ᠤᠨ ᠠᠵᠢᠯ ᠤᠨ ᠠᠷᠭ᠎ᠠ ᠪᠠᠷ ᠭᠠᠷᠳᠠᠴᠠ ᠪᠣᠯᠭᠠᠨ᠂ ᠰᠤᠷᠭᠠᠨ | ᠬᠥᠮᠦᠵᠢᠯ ᠤᠨ ᠪᠠᠯᠠ ᠮᠥᠩᠭᠦ ᠶᠢᠨ ᠵᠢᠷᠤᠮᠵᠢᠯ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ ᠰᠤᠷᠭᠠᠨ | ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠪᠠ᠃ | ︽ᠴᠢᠩᠭ᠎ᠠ︾ ᠳᠤ ᠰᠠᠭᠤᠷᠢᠯᠠᠨ ᠵᠢᠷᠤᠮᠵᠢᠯ ᠢ ᠠᠳᠬᠤᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠲᠦᠷᠢᠮ ᠤᠨ ᠪᠠᠶᠢᠭᠤᠯᠤᠯᠲᠠ ᠶᠢ ᠪᠠᠯᠠ ᠮᠥᠩᠭᠦ ᠶᠢ ᠬᠢᠨᠠᠨ | ᠪᠤᠳᠤᠬᠤ ᠪᠥᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠪᠠᠯᠠ ᠮᠥᠩᠭᠦ ᠶᠢ | ︽ᠭᠤᠶᠤᠴᠢᠯᠠᠬᠤ᠂ ᠬᠤᠪᠢᠶᠠᠷᠢᠯᠠᠬᠤ᠂ ᠥᠭᠬᠦ᠂ ᠬᠡᠷᠡᠭᠯᠡᠬᠦ︾ ᠪᠥᠬᠦ ᠬᠡᠯᠬᠢᠶ᠎ᠡ ᠶᠢᠨ ᠲᠣᠭᠤᠷᠢᠨ ᠳᠤ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠢ ᠡᠮᠬᠢᠯᠡᠵᠦ᠂ ᠬᠢᠨᠠᠨ ᠪᠤᠳᠤᠬᠤ ᠭᠤᠤᠯᠳᠠᠯᠭ᠎ᠠ ᠶᠢ ᠲᠣᠳᠣᠷᠬᠠᠶᠢᠯᠠᠨ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠤᠨ᠎ᠠ᠃ ︽ᠲᠥᠷᠥ ᠶᠢᠨ ᠪᠣᠳᠣᠯᠭ᠎ᠠ ᠶᠢᠨ ᠲᠥᠷᠥᠯ | ᠵᠦᠢᠯ ᠤᠨ ᠪᠠᠯᠠ ᠮᠥᠩᠭᠦ︾ ᠭᠤᠷᠪᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠪᠠᠷ | ᠳᠠᠮᠵᠢᠭᠤᠯᠤᠨ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠴᠤᠪᠤᠷᠠᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠶ ᠬᠢᠨᠠᠨ | ᠪᠠᠶᠢᠴᠠᠭᠠᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢ ᠬᠢᠨᠠᠨ ᠵᠥᠪᠰᠢᠶᠡᠷᠡᠬᠦ ᠪᠣᠭᠤᠮᠲᠠ᠂ ᠲᠠᠰ | ᠳᠠᠷᠠᠭᠠᠯᠠᠯ ᠤᠨ ᠪᠣᠭᠤᠮᠲᠠ ᠶᠢ ᠴᠢᠩᠭ᠎ᠠ ᠠᠳᠬᠤᠵᠤ᠂ ᠪᠠᠯᠠ ᠮᠥᠩᠭᠦ ᠶᠢᠨ ᠠᠵᠢᠯᠯᠠᠭᠠᠨ ᠢ ᠵᠢᠷᠤᠮᠵᠢᠭᠤᠨ ᠪᠥᠭᠡᠳ ᠢᠯᠡ | ᠲᠣᠳᠣ ᠪᠠᠶᠢᠯᠭᠠᠬᠤ ᠶᠢ ᠦᠨᠡᠨᠬᠦ ᠪᠠᠲᠤᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠡᠬᠢ ᠡᠭᠦᠰᠦᠯ ᠠᠴᠠ ᠨᠢ | ᠰᠡᠷᠭᠡᠶᠢᠯᠡᠨ᠎ᠡ᠃ | ︽ᠣᠨᠣᠪᠴᠢᠲᠠᠢ︾ ᠪᠠᠶᠢᠬᠤ ᠶᠢ ᠲᠤᠪᠤᠶᠢᠯᠭᠠᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷᠠᠯᠲᠠ ᠶᠢᠨ | ᠴᠢᠭᠯᠡᠯ ᠢᠶᠠᠷ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ | ᠪᠠᠯᠠ ᠮᠥᠩᠭᠦ ᠶᠢ ᠬᠡᠷᠡᠭᠯᠡᠬᠦ ᠣᠨᠴᠠᠯᠢᠭ ᠲᠠᠢ ᠨᠢᠭᠲᠠ ᠤᠶᠠᠯᠳᠤᠭᠤᠯᠤᠨ᠂ ᠲᠥᠷᠥᠯ ᠬᠤᠪᠢᠶᠠᠨ ᠨᠠᠷᠢᠯᠢᠭ ᠤᠨᠤᠪᠴᠢᠲᠠᠢ | ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠥᠬᠦᠪᠥᠷᠢ ᠶᠢᠨ ᠪᠠᠯᠠ | ᠮᠥᠩᠭᠦ ᠳᠤ ᠴᠢᠭᠯᠡᠭᠦᠯᠦᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠴᠢᠭᠯᠡᠯ ᠬᠢᠭᠡᠳ ᠲᠥᠷᠥ ᠶᠢᠨ ᠪᠣᠳᠣᠯᠭ᠎ᠠ ᠶᠢᠨ | ᠬᠠᠷᠠᠯᠲᠠ ᠶᠢᠨ ᠵᠣᠬᠢᠴᠠᠯᠳᠤᠯ ᠤᠨ ᠬᠡᠮᠵᠢᠶ᠎ᠡ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠪᠠ︔ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠳᠤ ᠴᠢᠭᠯᠡᠭᠦᠯᠦᠨ ᠪᠠᠯᠠ ᠮᠥᠩᠭᠦ ᠶᠢ | ᠰᠠᠶᠢᠵᠢᠷᠠᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠬᠢᠭᠡᠳ ᠡᠬᠢ ᠪᠠᠶᠠᠯᠢᠭ ᠢ ᠳᠣᠭᠢᠷᠠᠭᠤᠯᠬᠤ ᠦᠷ᠎ᠡ | ᠠᠰᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠬᠠᠲᠠᠭᠤ ᠲᠣᠨᠤᠭ ᠢ ᠳᠡᠭᠡᠭᠰᠢᠯᠡᠭᠦᠯᠬᠦ ᠪᠠ ᠰᠤᠷᠭᠠᠨ ᠬᠥᠮᠦᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠪᠠ᠃ ︽ᠠᠵᠢᠯ ᠲᠥᠷᠥᠯ ᠤᠨ | ᠬᠢᠨᠠᠨ ᠪᠠᠶᠢᠴᠠᠭᠠᠯᠲᠠ ᠶᠢ ᠠᠭᠤᠰᠤᠯᠴᠠᠭᠤᠯᠬᠤ︾ ᠵᠠᠭᠪᠤᠷ ᠤᠨ ᠰᠢᠨ᠎ᠡ ᠶᠢ ᠡᠭᠦᠳᠴᠦ᠂ ︽ᠨᠡᠪᠲᠡᠯᠬᠦ ᠮᠠᠶ᠋ᠢᠭ︾ ᠤᠨ | ᠵᠠᠳᠠᠯᠤᠯᠲᠠ ᠶᠢᠨ ᠠᠷᠭ᠎ᠠ ᠪᠠᠷᠢᠯ ᠢ ᠬᠡᠷᠡᠭᠯᠡᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠬᠥᠳᠡᠯᠦᠩᠭᠦᠶ ᠪᠠᠷ ᠮᠥᠷᠳᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠠᠷᠢᠯᠢᠭ ᠤᠨᠤᠪᠴᠢᠲᠠᠢ ᠲᠠᠯᠪᠢᠬᠤ ᠳᠤ | ᠬᠦᠴᠦᠨ ᠨᠡᠮᠡᠷᠢᠯᠡᠪᠡ᠃ | ︽ᠪᠣᠳᠠᠲᠠᠢ︾ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠢᠨᠠᠨ ᠪᠤᠳᠤᠭᠰᠠᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠨᠠᠷᠢᠨ ᠳᠠᠩᠰᠠ | ᠮᠠᠶ᠋ᠢᠭ ᠤᠨ ᠬᠠᠷᠢᠭᠤᠴᠠᠯᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ︽ᠰᠢᠭᠦᠬᠦ ᠶᠢᠨ ᠳᠠᠭᠠᠤ | ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ︾ ᠠᠵᠢᠯ ᠤᠨ ᠠᠷᠭ᠎ᠠ ᠶᠢ ᠠᠬᠢᠭᠤᠯᠤᠨ᠎ᠠ᠃ | ᠬᠠᠮᠲᠤᠷᠠᠭᠰᠠᠨ ᠰᠤᠷᠭᠠᠨ ᠬᠥᠮᠦᠵᠢᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ︽ᠡᠷᠭᠢᠵᠦ ᠬᠠᠷᠠᠬᠤ︾ ᠲᠤᠰᠬᠠᠶ | ᠵᠦᠢᠯ ᠢᠶᠠᠷ ᠬᠢᠨᠠᠨ ᠵᠢᠯᠣᠭᠤᠳᠬᠤ ᠶᠢ ᠥᠷᠨᠢᠭᠦᠯᠬᠦ ᠪᠠᠷ ᠳᠠᠮᠵᠢᠭᠤᠯᠤᠨ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ᠂ | ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠬᠢᠨᠠᠨ | ᠪᠤᠳᠤᠬᠤ ᠰᠠᠨᠠᠭᠤᠯᠭ᠎ᠠ ᠶᠢ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠬᠠᠮᠵᠢᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠬᠦᠯᠦᠨ᠂ ︽ᠬᠢᠨᠠᠨ ᠪᠤᠳᠤᠬᠤ ᠠᠵᠢᠯ ᠢ ᠨᠢᠭᠡ ᠨᠢᠭᠡ ᠪᠠᠷ ᠵᠢᠷᠤᠮᠵᠢᠭᠤᠯᠬᠤ︾ ᠶᠡᠷᠦᠩᠬᠡᠶᠢᠯᠡᠭᠰᠡᠨ | ᠬᠢᠨᠠᠯᠲᠠ ᠲᠠᠯᠪᠢᠬᠤ ᠦᠢᠯᠡᠳᠦᠯ ᠢ ᠪᠡᠶᠡᠯᠡᠭᠦᠯᠦᠨ᠎ᠡ᠃ | ︽ᠦᠷ᠎ᠡ ᠪᠦᠲᠦᠮᠵᠢ︾ ᠶᠢᠨ ᠲᠣᠭᠤᠷᠢᠨ ᠳᠤ ᠬᠥᠭᠵᠢᠯᠲᠡ ᠶᠢ ᠡᠷᠢᠯᠬᠢᠯᠡᠵᠦ᠂ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠪᠠᠶᠢᠬᠤ ᠶᠢ ᠪᠡᠶᠡᠯᠡᠭᠦᠯᠦᠨ᠎ᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠬᠤ ᠶᠢ ᠴᠢᠬᠤᠯᠠᠴᠢᠯᠠᠨ᠎ᠠ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ | ᠠᠰᠠᠭᠤᠳᠠᠯ ᠳᠤ ᠴᠢᠭᠯᠡᠭᠦᠯᠦᠨ᠂ ᠪᠦᠲᠦᠭᠰᠡᠨ ᠰᠢᠯᠲᠠᠭᠠᠨ ᠢ ᠭᠦᠨᠵᠡᠭᠡᠶ ᠵᠠᠳᠠᠯᠵᠤ᠂ ᠪᠠᠯᠠ ᠮᠥᠩᠭᠦ ᠶᠢᠨ | ᠬᠤᠪᠢᠶᠠᠷᠢᠯᠠᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠬᠠᠮᠢᠶᠠᠷᠴᠤ ᠵᠢᠯᠣᠭᠤᠳᠬᠤ ᠶᠢ ᠴᠢᠩᠭᠠᠳᠬᠠᠬᠤ ᠵᠡᠷᠭᠡ ᠰᠠᠨᠠᠭᠤᠯᠭ᠎ᠠ ᠶᠢ ᠳᠤᠷᠠᠳᠴᠤ᠂ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ ᠪᠠ ᠲᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠬᠤ ᠪᠠᠷ ᠳᠠᠮᠵᠢᠭᠤᠯᠤᠨ᠂ ᠲᠥᠪ | ᠭᠤᠤᠯᠴᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠬᠦᠴᠦᠨ | ᠨᠡᠮᠡᠷᠢᠯᠡᠵᠦ᠂ ᠰᠤᠷᠭᠠᠨ ᠬᠥᠮᠦᠵᠢᠯ ᠤᠨ ᠪᠠᠯᠠ ᠮᠥᠩᠭᠦ ᠶᠢ ᠪᠠᠭᠰᠢ ᠰᠤᠷᠤᠭᠴᠢᠳ ᠲᠤ ᠨᠠᠩ ᠰᠠᠶᠢᠨ ᠠᠰᠢᠭ | ᠬᠦᠷᠲᠡᠭᠡᠵᠦ᠂ ᠠᠷᠠᠳ ᠤᠨ ᠠᠮᠢᠳᠤᠷᠠᠯ ᠳᠤ ᠨᠠᠩ ᠰᠠᠶᠢᠨ ᠦᠢᠯᠡᠴᠢᠯᠡᠭᠦᠯᠦᠨ᠎ᠡ᠃ | | | | |