ᠠᠷᠠᠳ ᠲᠦᠮᠡᠨ ᠲᠠᠢ ᠰᠡᠳᠬᠢᠯ ᠨᠢᠭᠡᠳᠦᠨ    ᠲᠠᠨ ᠤ ᠲᠥᠯᠥᠭᠡ ᠬᠠᠮᠠᠭᠠᠯᠠᠶ᠎ᠠ
ᠨᠡᠶᠢᠲᠡᠯᠡᠭᠰᠡᠨ ᠴᠠᠭ᠄
2025/5/19
      ᠨᠡᠶᠢᠭᠡᠮ ᠨᠡᠶᠢᠲᠡ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 5 ᠰᠠᠷ᠎ᠠ ᠶᠢᠨ 15᠎ ᠤ ᠡᠳᠦᠷ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠴᠢᠩᠱᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ᠂ ᠵᠠᠮ ᠬᠠᠷᠢᠯᠴᠠᠭᠠᠨ ᠤ ᠪᠠᠩᠬᠢ ᠶᠢᠨ ᠴᠢᠩᠱᠠᠨ ᠤ ᠰᠠᠯᠪᠤᠷᠢ ᠪᠠᠩᠬᠢ᠂ ᠮᠧᠩ ᠱᠠᠩ ᠪᠠᠩᠬᠢ ᠶᠢᠨ  ᠴᠢᠩᠱᠠᠨ ᠰᠠᠯᠪᠤᠷᠢ ᠪᠠᠩᠬᠢ ᠲᠠᠢ ᠬᠠᠮᠲᠤᠷᠠᠨ ᠵᠧᠩ ᠰᠢᠶᠠᠩ ᠲᠠᠯᠠᠪᠠᠢ ᠳᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠠᠮᠤᠷ ᠠᠮᠤᠭᠤᠯᠠᠩ ᠠᠭᠤᠷ ᠠᠮᠢᠰᠬᠤᠯ ᠢ ᠬᠠᠮᠲᠤ ᠪᠠᠷ ᠴᠣᠭᠴᠠᠯᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠥᠩᠭᠡᠷᠡᠬᠦ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠰᠦᠯᠵᠢᠶ᠎ᠡ ᠪᠠᠷ ᠳᠠᠮᠵᠢᠭᠤᠯᠤᠨ ᠪᠣᠷᠣᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠪᠠᠶᠢᠩᠭᠤ ᠲᠣᠬᠢᠶᠠᠯᠳᠤᠬᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠭᠤᠣᠯ ᠲᠦᠷᠦᠯ ᠬᠡᠯᠪᠡᠷᠢ᠂ ᠬᠡᠷᠡᠭ ᠬᠢᠬᠦ ᠠᠷᠭ᠎ᠠ ᠪᠠᠷᠢᠯ ᠪᠣᠯᠤᠨ ᠰᠡᠷᠭᠡᠶᠢᠯᠡᠬᠦ ᠠᠷᠭ᠎ᠠ ᠶᠢ ᠥᠷᠭᠡᠨ ᠢᠶᠠᠷ ᠤᠬᠠᠭᠤᠯᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠬᠤᠪᠢ ᠬᠥᠮᠦᠨ᠂ ᠭᠡᠷ ᠪᠦᠯᠢ ᠪᠣᠯᠤᠨ ᠨᠡᠶᠢᠭᠡᠮ ᠳᠤ ᠤᠴᠠᠷᠠᠭᠤᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠬᠡᠷᠡᠭᠯᠡᠭᠡᠨ ᠤ ᠰᠡᠷᠭᠡᠶᠢᠯᠡᠬᠦ ᠤᠷ᠎ᠠ ᠮᠡᠷᠭᠡᠵᠢᠯ ᠢ ᠤᠯᠠᠮᠵᠢᠯᠠᠵᠤ᠂ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠤᠨᠠᠭᠤᠯᠢ ᠳᠤ ᠣᠷᠣᠬᠤ ᠠᠴᠠ ᠵᠠᠶᠢᠯᠠᠰᠬᠢᠪᠡ᠃ ᠨᠠᠰᠤᠲᠠᠶᠢᠴᠤᠳ ᠵᠡᠷᠭᠡ ᠠᠮᠠᠷᠬᠠᠨ ᠬᠠᠯᠳᠠᠭᠰᠠᠳ ᠲᠤ ᠴᠢᠭᠯᠡᠭᠦᠯᠦᠨ᠂ ᠠᠵᠢᠯᠲᠠᠳ ᠬᠠᠷᠢᠯᠴᠠᠨ ᠠᠰᠠᠭᠤᠯᠲᠠ ᠬᠠᠷᠢᠭᠤᠯᠲᠠ ᠶᠢᠨ ᠠᠷᠭ᠎ᠠ ᠮᠠᠶ᠋ᠢᠭ ᠢᠶᠠᠷ ︽ᠬᠡᠷ ᠪᠠᠶᠢᠰᠢᠩ ᠤᠨ ᠨᠠᠰᠤᠵᠢᠯ ᠤᠨ ᠠᠰᠠᠷᠠᠯ︾᠂ ︽ᠡᠷᠡᠭᠦᠯᠵᠢᠯ ᠤᠨ ᠡᠳ᠋ ᠤᠨ ᠪᠠᠯᠠ ᠣᠷᠣᠭᠤᠯᠤᠯᠲᠠ︾ ᠵᠡᠷᠭᠡ ᠮᠡᠬᠡᠯᠡᠯ ᠤᠨ ᠠᠷᠭ᠎ᠠ ᠵᠠᠮ ᠵᠢᠴᠢ ᠰᠡᠷᠭᠡᠶᠢᠯᠡᠬᠦ ᠤᠷ᠎ᠠ ᠮᠡᠷᠭᠡᠵᠢᠯ ᠢ ᠲᠠᠶᠢᠯᠪᠤᠷᠢᠯᠠᠨ ᠶᠠᠷᠢᠵᠤ᠂ ᠵᠢᠱᠢᠶᠡᠯᠡᠪᠡᠯ ᠥᠨᠳᠥᠷ ᠲᠣᠭᠠᠨ ᠤ ᠬᠠᠷᠢᠭᠤ ᠲᠤᠰᠬᠠᠯ᠂ ᠬᠤᠳᠠᠯ ᠬᠠᠭᠤᠷᠮᠠᠭ ᠲᠥᠷᠥᠯ ᠵᠦᠢᠯ ᠨᠠᠶᠢᠷᠠᠭᠤᠯᠤᠨ ᠵᠣᠬᠢᠶᠠᠬᠤ᠂ ᠬᠤᠳᠠᠯ ᠬᠠᠭᠤᠷᠮᠠᠭ ᠢᠶᠠᠷ ᠤᠬᠠᠭᠤᠯᠵᠤ ᠰᠦᠷ ᠦᠵᠡᠭᠦᠯᠬᠦ ᠵᠡᠷᠭᠡ ᠶᠢ ᠠᠮᠠᠯᠠᠵᠤ᠂ ᠣᠯᠠᠨ ᠲᠦᠮᠡᠨ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠶᠢ ᠰᠠᠨᠠᠭᠤᠯᠵᠤ᠂ ᠥᠨᠳᠥᠷ ᠲᠣᠭᠠᠨ ᠤ ᠬᠠᠷᠢᠭᠤ ᠥᠭᠬᠦ ᠲᠥᠭᠡᠷᠢᠭᠳᠡᠯ ᠢ ᠠᠮᠠᠷᠬᠠᠨ ᠢᠲᠡᠭᠡᠬᠦ ᠥᠬᠡᠶ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠤᠨᠠᠭᠤᠯᠢ ᠳᠤ ᠣᠷᠣᠬᠤ ᠠᠴᠠ ᠵᠠᠶᠢᠯᠠᠰᠬᠢᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠬᠠᠭᠤᠳᠠᠰᠤ ᠶᠢ 100 ᠭᠠᠷᠤᠢ ᠬᠤᠪᠢ᠂ ᠤᠬᠠᠭᠤᠯᠭ᠎ᠠ ᠶᠢᠨ ᠤᠭᠤᠲᠠ᠂ ᠤᠬᠠᠭᠤᠯᠭ᠎ᠠ ᠶᠢᠨ ᠲᠦᠯᠬᠢᠭᠦᠷ ᠤᠨ ᠲᠣᠪᠴᠢ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠢ ᠬᠤᠪᠢ ᠲᠠᠷᠬᠠᠭᠠᠪᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠢ ᠪᠠᠬᠢᠵᠢᠭᠦᠯᠦᠨ ᠥᠷᠭᠡᠳᠬᠡᠵᠦ᠂ ᠤᠬᠠᠭᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠨ ᠲᠠᠯ᠎ᠠ ᠠᠴᠠ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠥᠷᠭᠡᠨ ᠤᠯᠠᠨ ᠠᠷᠠᠳ ᠲᠦᠮᠡᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠢᠯᠭᠠᠨ ᠲᠠᠨᠢᠵᠤ ᠰᠡᠷᠭᠡᠶᠢᠯᠡᠬᠦ ᠤᠬᠠᠮᠰᠠᠷ ᠪᠣᠯᠤᠨ ᠴᠢᠳᠠᠪᠤᠷᠢ ᠶᠢ ᠦᠨᠡᠨᠬᠦ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠠᠵᠢᠯ ᠳᠤ ᠬᠠᠮᠲᠤᠪᠠᠷ ᠣᠷᠣᠯᠴᠠᠬᠤ ᠶᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠡᠯ᠎ᠡ ᠲᠦᠷᠦᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号