1— 4 ᠳ᠋ᠦ᠋ᠭᠡᠷ ᠰᠠᠷ᠎ᠠ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠦᠷᠭᠦᠯᠵᠢᠯᠡᠨ ᠳᠣᠤᠷ᠎ᠠ ᠪᠠᠶᠢᠷᠢᠨ ᠳᠤ ᠪᠠᠭᠤᠷᠠᠵᠤ ᠪᠠᠶᠢᠨ᠎ᠠ
ᠨᠡᠶᠢᠲᠡᠯᠡᠭᠰᠡᠨ ᠴᠠᠭ᠄
2025/5/20
      1— 4 ᠳ᠋ᠦ᠋ᠭᠡᠷ ᠰᠠᠷ᠎ᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢᠨ ᠨᠥᠯᠥᠭᠡ ᠠᠴᠠ ᠪᠣᠯᠵᠤ᠂ ᠴᠢᠩᠱᠠᠨ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠥᠷᠭᠡᠳᠴᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 53.9%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 3 ᠳ᠋ᠤᠭᠠᠷ ᠰᠠᠷ᠎ᠠ ᠠᠴᠠ 4.3 ᠵᠠᠭᠤᠨ ᠤ ᠴᠡᠭ ᠥᠷᠭᠡᠳᠴᠦ᠂ ᠪᠦᠬᠦ  ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 5.3% ᠪᠠᠶᠢᠵᠤ᠂ ᠪᠦᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ  8.2 ᠵᠠᠭᠤᠨ ᠤ ᠴᠡᠭ ᠳᠣᠷᠣᠭᠰᠢ ᠲᠠᠲᠠᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠨᠢ ᠮᠥᠨ ᠬᠦ ᠰᠠᠭᠤᠷᠢ ᠬᠡᠰᠡᠭ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃      ᠬᠤᠪᠤ ᠶᠢᠨ ᠪᠦᠲᠦᠴᠡ ᠶᠢ ᠦᠵᠡᠪᠡᠯ᠂ ᠵᠢᠶᠠᠨ ᠠᠨ  ᠵᠠᠬ᠎ᠠ ᠳᠡᠯᠭᠡᠭᠦᠷ ᠮᠠᠭᠤ ᠪᠤᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠵᠢᠶᠠᠨ ᠠᠨ ᠢᠨᠵᠧᠨᠧᠷᠢᠩ ᠨᠢ ᠠᠳᠠᠯᠢ ᠬᠤᠭᠤᠴᠠᠭᠠᠨ ᠤ ᠬᠢ ᠠᠴᠠ 24.9%᠎ ᠪᠠᠷ ᠪᠠᠭᠤᠷᠠᠵᠤ᠂ 1— 3 ᠳ᠋ᠤᠭᠠᠷ ᠰᠠᠷ᠎ᠠ ᠠᠴᠠ 5.6 ᠵᠠᠭᠤᠨ ᠤ ᠴᠡᠭ ᠪᠠᠭᠤᠷᠠᠪᠠ︔ ᠲᠥᠬᠦᠭᠡᠷᠦᠮᠵᠢ ᠪᠠᠭᠠᠵᠢ ᠬᠡᠷᠡᠭᠰᠡᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠲᠠᠢ ᠠᠳᠠᠯᠢ᠃ ᠪᠤᠰᠤᠳ ᠵᠠᠷᠤᠳᠠᠯ ᠠᠳᠠᠯᠢ ᠬᠤᠭᠤᠴᠠᠭᠠᠨ ᠤ ᠬᠢ ᠠᠴᠠ 90.4%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1— 3 ᠳ᠋ᠤᠭᠠᠷ ᠰᠠᠷ᠎ᠠ ᠳᠤ 4.3 ᠵᠠᠭᠤᠨ ᠤ ᠴᠡᠭ ᠪᠠᠭᠠᠰᠪᠠ᠃ ᠪᠠᠷᠢᠯᠭ᠎ᠠ ᠶᠢᠨ ᠬᠡᠷᠡᠭᠴᠡᠭᠡ ᠠᠴᠠ ᠦᠵᠡᠪᠡᠯ ᠠᠯᠪᠠᠨ ᠠᠰᠠᠷ ᠤᠨ ᠲᠥᠷᠥᠯ ᠤᠨ ᠪᠡᠯᠡ ᠣᠷᠣᠭᠤᠯᠤᠯᠲᠠ ᠢᠯᠡᠳᠲᠡ᠃ 1— 4 ᠳ᠋ᠦ᠋ᠭᠡᠷ ᠰᠠᠷ᠎ᠠ ᠳᠤ ᠴᠢᠩᠱᠠᠨ ᠲᠣᠭᠤᠷᠢᠭ ᠤᠨ ᠣᠷᠣᠨ ᠰᠠᠭᠤᠴᠠ ᠶᠢᠨ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.7%᠎ ᠪᠠᠷ ᠪᠠᠭᠤᠷᠠᠵᠤ᠂ 1— 3 ᠳ᠋ᠤᠭᠠᠷ ᠰᠠᠷ᠎ᠠ ᠶᠢᠨ ᠬᠢ ᠠᠴᠠ 2.8 ᠵᠠᠭᠤᠨ ᠤ ᠨᠢᠭᠡᠴᠢ ᠪᠠᠭᠤᠷᠠᠪᠠ︔ ᠠᠯᠪᠠᠨ ᠠᠰᠠᠷ ᠤᠨ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.9%᠎ ᠪᠠᠷ ᠪᠠᠭᠤᠷᠠᠵᠤ᠂ 1— 3 ᠳ᠋ᠤᠭᠠᠷ ᠰᠠᠷ᠎ᠠ ᠶᠢᠨ ᠬᠢ ᠠᠴᠠ 24.6 ᠵᠠᠭᠤᠨ ᠤ ᠴᠡᠭ ᠪᠠᠭᠤᠷᠠᠪᠠ︔ ᠪᠤᠰᠤᠳ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.6%᠎ ᠪᠠᠷ ᠪᠠᠭᠤᠷᠠᠵᠤ᠂1— 3 ᠳ᠋ᠤᠭᠠᠷ ᠰᠠᠷ᠎ᠠ ᠶᠢᠨ ᠬᠢ ᠠᠴᠠ 6.7 ᠵᠠᠭᠤᠨ ᠤ ᠴᠡᠭ ᠪᠠᠭᠤᠷᠠᠵᠠᠢ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号