5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ︽ᠬᠡᠮᠡᠷᠯᠢᠭ ᠰᠠᠶᠢᠬᠠᠨ ᠤᠮᠠᠷᠠᠲᠤ ᠬᠢᠯᠢ᠂ ᠵᠤᠭ᠎ᠠ | ᠴᠡᠩᠭᠡᠯ ᠤᠨ ᠴᠢᠩᠱᠠᠨ︾ ᠪᠠᠷ ᠭᠤᠣᠯ ᠰᠡᠳᠦᠪ ᠪᠣᠯᠭᠠᠭᠰᠠᠨ 2025 ᠣᠨ ᠤ ︽ᠳᠤᠮᠳᠠᠳᠤ ᠤᠯᠤᠰ ᠤᠨ | ᠵᠢᠭᠤᠯᠴᠢᠯᠠᠯ ᠤᠨ ᠡᠳᠦᠷ︾ ᠤᠨ ᠴᠢᠩᠱᠠᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠵᠢᠴᠢ ᠰᠣᠶᠣᠯ ᠤᠨ | ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠳ᠋ᠦᠩ ᠳ᠋ᠠ ᠱᠠᠨ | ᠬᠤᠮᠵᠢᠶ᠎ᠠ ᠠᠷᠠᠳ ᠤᠨ ᠰᠠᠭᠤᠴᠠ ᠶᠢᠨ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃ 9 ᠴᠠᠭ 30 ᠮᠢᠨᠦ᠋ᠲ ᠲᠤ᠂ | ᠡᠬᠢᠯᠡᠯᠲᠡ ᠶᠢᠨ ᠶᠣᠰᠣᠯᠠᠯ ︽ᠴᠢᠩᠱᠠᠨ ᠤ ᠵᠠᠮ︾ ᠭᠡᠬᠦ ᠳᠠᠭᠤᠤ ᠶᠢᠨ ᠳᠤᠮᠳᠠ ᠬᠥᠰᠢᠭᠡ ᠪᠠᠨ ᠨᠡᠭᠡᠭᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ 2025 ᠣᠨ ᠳᠤ | ᠪᠠᠶᠢᠭᠤᠯᠤᠭᠳᠠᠭᠰᠠᠨ 7 ᠬᠤᠪᠢᠶᠠᠷᠢ ᠣᠷᠳᠣᠨ ᠳᠤ ᠫᠠᠶᠢᠰᠠ ᠣᠯᠭᠤᠵᠤ᠂ ᠡᠯ᠎ᠡ ᠨᠡᠶᠢᠭᠡᠮ ᠲᠣᠭᠤᠷᠢᠭ ᠤᠨ ᠤᠷᠠᠨ | ᠰᠠᠶᠢᠬᠠᠨ ᠤ ᠠᠵᠢᠯ ᠳᠤ ᠪᠠᠭ᠋ᠠᠲᠠᠶ ᠬᠥᠮᠦᠰ ᠢ ᠲᠣᠭᠯᠠᠯᠲᠠ ᠳᠤ ᠣᠷᠣᠯᠴᠠᠬᠤ ᠶᠢ ᠤᠷᠢᠶᠠᠯᠠᠵᠤ᠂ ᠰᠣᠶᠣᠯ ᠤᠨ | ᠣᠷᠳᠣᠨ ᠤ ᠬᠤᠪᠢᠶᠠᠷᠢ ᠣᠷᠳᠣᠨ ᠪᠠᠶᠢᠭᠤᠯᠤᠭᠳᠠᠭᠰᠠᠨ ᠨᠢ ᠮᠠᠨ ᠤ ᠲᠤᠭᠤᠷᠢᠭ ᠤᠨ ᠣᠯᠠᠨ ᠲᠦᠮᠡᠨ ᠤ ᠣᠶᠤᠨ ᠤ | ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠰᠣᠶᠣᠯ ᠬᠦᠷᠭᠡᠬᠦ᠂ ᠰᠣᠶᠣᠯ ᠲᠠᠷᠢᠬᠤ᠂ | ᠰᠣᠶᠣᠯ ᠢ ᠮᠠᠨᠳᠤᠭᠤᠯᠬᠤ ᠦᠷ᠎ᠡ ᠪᠦᠲᠦᠮᠵᠢ ᠶᠢ ᠪᠠᠳᠠᠷᠠᠭᠤᠯᠪᠠ᠃ ᠣᠳᠣᠬᠠᠨ ᠪᠣᠯᠲᠠᠯ᠎ᠠ᠂ ᠴᠢᠩᠱᠠᠨ ᠲᠣᠭᠤᠷᠢᠭ ᠤᠨ | ᠰᠣᠶᠣᠯ ᠤᠨ ᠣᠷᠳᠣᠨ ᠨᠢᠭᠡᠨᠲᠡ 19 ᠬᠤᠪᠢᠶᠠᠷᠢ ᠣᠷᠳᠣᠨ ᠪᠠᠶᠢᠭᠤᠯᠵᠤ᠂ ᠵᠢᠯ ᠪᠦᠷᠢ ᠡᠯ᠎ᠡ ᠬᠤᠪᠢᠶᠠᠷᠢ ᠣᠷᠳᠣᠨ ᠳᠤ | ᠵᠠᠬᠢᠶᠠᠯᠠᠭ᠎ᠠ ᠶᠢᠨ ᠬᠡᠯᠪᠡᠷᠢ ᠶᠢᠨ ᠪᠣᠯᠪᠠᠰᠤᠷᠠᠯ ᠵᠢᠴᠢ ᠬᠤᠪᠢᠶᠠᠷᠢ ᠣᠷᠳᠣᠨ ᠤ ᠰᠣᠳᠣᠨ ᠤᠷᠠᠯᠢᠭ ᠤᠨ ᠠᠵᠢᠯᠯᠠᠭ᠎ᠠ | ᠥᠷᠨᠢᠭᠦᠯᠵᠦ᠂ ᠤᠯᠠᠨ ᠲᠦᠮᠡᠨ ᠳᠤ ᠨᠡᠩ ᠳᠥᠭᠦᠮ ᠳᠥᠲᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠬᠡᠯᠪᠡᠷᠢ ᠶᠢ ᠤᠯᠠᠮ ᠨᠢᠭᠡ ᠠᠯᠬᠤᠮ ᠬᠠᠩᠭᠠᠵᠤ᠂ ᠤᠯᠠᠨ ᠲᠦᠮᠡᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ᠂ | ᠰᠣᠶᠣᠯ ᠤᠷᠠᠯᠢᠭ ᠢ ᠦᠨᠳᠦᠰᠦᠨ ᠱᠠᠲᠤᠨ ᠳᠤ ᠦᠨᠳᠦᠰᠦᠯᠡᠭᠦᠯᠪᠡ᠃ | ᠡᠨᠡ ᠲᠠᠪᠤᠨ ᠰᠠᠷ᠎ᠠ ᠳᠤ᠂ ᠴᠢᠩᠱᠠᠨ ᠰᠣᠶᠣᠯ ᠵᠢᠭᠤᠯᠴᠢᠯᠠᠯ ᠲᠠᠨ ᠢ ᠤᠷᠢᠵᠤ ᠨᠢᠭᠡ ᠤᠳᠠᠭᠠᠨ ᠤ ᠰᠣᠶᠣᠯ ᠤᠨ | ᠣᠷᠳᠣᠨ ᠢ ᠮᠡᠳᠡᠷᠡᠭᠦᠯᠵᠦ᠂ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ | ᠬᠤᠭᠤᠴᠠᠭᠠᠨ ᠳᠤ ᠲᠥᠪᠯᠡᠷᠡᠭᠦᠯᠦᠨ ᠥᠷᠨᠢᠭᠦᠯᠬᠦ ᠠᠵᠢᠯᠯᠠᠭ᠎ᠠ ᠠᠴᠠ ᠭᠠᠳᠠᠨ᠎ᠠ᠂ ᠨᠠᠩ ᠡᠯᠪᠡᠭ ᠪᠠᠶᠠᠯᠢᠭ ᠣᠯᠠᠨ | ᠲᠦᠮᠡᠨ ᠤ ᠰᠣᠶᠣᠯ ᠤᠨ ᠠᠵᠢᠯᠯᠠᠭ᠎ᠠ ᠨᠢᠭᠡᠨᠲᠡ ᠰᠣᠶᠣᠯ ᠤᠨ ᠣᠷᠳᠣᠨ ᠤ ᠡᠳᠦᠷ ᠲᠣᠲᠤᠮ ᠤᠨ ᠠᠭᠤᠰᠤᠯᠴᠠᠵᠤ᠂ | ᠬᠤᠲᠠ ᠶᠢᠨ ᠠᠷᠠᠳ ᠨᠠᠶᠢᠵᠠ ᠨᠠᠷ ᠤᠨ ᠰᠣᠶᠣᠯ ᠤᠨ ᠣᠷᠳᠣᠨ ᠢ ᠮᠡᠳᠡᠷᠡᠵᠦ᠂ ᠰᠣᠶᠣᠯ ᠤᠨ ᠣᠷᠳᠣᠨ ᠢ ᠡᠳᠡᠯᠡᠵᠦ᠂ | ᠤᠷᠠᠯᠢᠭ ᠤᠨ ᠲᠦᠭᠡᠮᠡᠯᠵᠢᠯᠲᠡ ᠪᠠ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠵᠦ᠂ ᠤᠳᠬ᠎ᠠ ᠤᠷᠠᠯᠢᠭ ᠤᠨ | ᠠᠮᠢᠳᠤᠷᠠᠯ ᠢ ᠬᠠᠮᠲᠤ ᠪᠠᠷ ᠡᠳ᠋ᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ | | | | |