ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 16᠎ ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ 2025 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠰᠦᠯ︾᠂ ︽ᠴᠢᠩᠱᠠᠨ ᠲᠣᠭᠤᠷᠢᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠴᠢᠩᠱᠠᠨ ᠲᠣᠭᠤᠷᠢᠭ ᠤᠨ ︿ᠠᠷᠪᠠᠨ ᠲᠠᠪᠤᠳᠤᠭᠠᠷ ᠲᠠᠪᠤᠨ ᠵᠢᠯ﹀᠎ ᠤᠨ ᠲᠥᠯᠥᠪᠵᠢᠭᠦᠯᠭᠡ ᠶᠢᠨ ᠦᠨᠳᠦᠰᠦᠨ ᠰᠡᠳᠬᠢᠴᠡ︾᠎ ᠶᠢ ᠰᠤᠳᠤᠯᠤᠨ ᠬᠢᠨᠠᠨ ᠵᠥᠪᠯᠡᠵᠦ᠂ ᠴᠢᠩᠱᠠᠨ ᠲᠣᠭᠤᠷᠢᠭ ᠤᠨ 2025 ᠣᠨ ᠤ ᠨᠢᠭᠡᠳᠦᠭᠡᠷ ᠤᠯᠠᠷᠢᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠬᠤᠯᠪᠣᠭᠳᠠᠯ ᠪᠦᠬᠦᠢ ᠵᠦᠢᠯᠡᠰ ᠢ ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃      ᠬᠤᠷᠠᠯ ᠠᠴᠠ᠂ ︽ᠴᠢᠩᠱᠠᠨ ᠲᠣᠭᠤᠷᠢᠭ ᠤᠨ 2025 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠰᠦᠯ︾᠎ ᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠢᠳᠪᠦᠷᠢᠲᠦ ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠬᠥᠬᠡᠮᠳᠦᠭ ᠠᠭᠤᠯᠠ ᠶᠢ ᠪᠦᠳᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ ᠠᠷᠠᠳ ᠤᠨ ᠠᠮᠢᠳᠤᠷᠠᠯ ᠤᠨ ᠠᠵᠢᠯ ᠪᠣᠯᠭᠠᠨ ᠠᠳᠬᠤᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ︽ᠴᠢᠩᠱᠠᠨ ᠲᠣᠭᠤᠷᠢᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠣᠯ ᠤᠯᠤᠰ ᠤᠨ ᠤᠰᠤ ᠠᠷᠪᠢᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ᠂ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠭᠦᠨᠵᠡᠭᠡᠢ  ᠲᠤᠭᠤᠰᠢᠯᠠᠭᠤᠯᠵᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠤᠰᠤ ᠠᠷᠪᠢᠯᠠᠬᠤ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠥᠮᠦᠨ ᠨᠢᠭᠡᠪᠦᠷᠢ ᠶᠢ ᠴᠥᠮ ᠤᠰᠤ ᠠᠷᠪᠢᠯᠠᠬᠤ ᠠᠵᠢᠯᠯᠠᠭ᠎ᠠ ᠶᠢᠨ ᠣᠷᠣᠯᠴᠠᠭᠴᠢ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ︽ᠴᠢᠩᠱᠠᠨ ᠲᠣᠭᠤᠷᠢᠭ ᠤᠨ ︿ᠠᠷᠪᠠᠨ ᠲᠠᠪᠤᠳᠤᠭᠠᠷ ᠲᠠᠪᠤᠨ ᠵᠢᠯ﹀ ᠎ ᠤᠨ ᠲᠥᠯᠥᠪᠵᠢᠭᠦᠯᠭᠡ ᠶᠢᠨ ᠦᠨᠳᠦᠰᠦᠨ ᠰᠡᠳᠬᠢᠴᠡ︾᠎ ᠶᠢ ᠰᠤᠳᠤᠯᠤᠨ ᠨᠠᠶᠢᠷᠠᠭᠤᠯᠬᠤ ᠪᠣᠯ ᠭᠠᠵᠠᠷ ᠣᠷᠣᠨ ᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢ ᠵᠢᠯᠣᠭᠤᠳᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢ ᠵᠣᠯᠭᠠᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨ ᠬᠦ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠬᠥᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠵᠢᠴᠢ ᠢᠷᠡᠭᠡᠳᠦᠶ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠥᠭᠵᠢᠯᠲᠡ ᠶᠢᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠥᠷᠨᠢᠭᠦᠯᠬᠦ ᠪᠣᠯ ᠪᠦᠬᠦ  ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠬᠢ ᠡᠭᠦᠰᠦᠯ ᠠᠴᠠ ᠨᠢ ᠵᠠᠰᠠᠬᠤ ᠶᠢ ᠢᠳᠡᠪᠬᠢᠲᠡᠢ ᠴᠢᠩᠭᠠᠳᠬᠠᠵᠤ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠤᠯᠠᠨ ᠲᠦᠮᠡᠨ ᠤ ᠲᠤᠰᠬᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号