ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/21
      ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠨ ᠬᠠᠷᠢᠶᠠᠲᠤ ᠣᠷᠣᠨ ᠤ ᠳᠣᠲᠣᠷᠠᠬᠢ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠶ ᠪᠠᠶᠢᠴᠠᠭᠠᠯᠲᠠ ᠬᠢᠵᠦ᠂ ᠲᠣᠭᠲᠠᠭᠠᠯ ᠳᠤ ᠨᠡᠶᠢᠴᠡᠬᠦ ᠪᠠᠶᠢᠭᠤᠯᠤᠮᠵᠢ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠠᠤᠡ ᠭᠦᠢᠴᠡᠳᠬᠡᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠦᠨᠵᠡᠭᠡᠶ ᠵᠢᠭᠰᠠᠭᠠᠨ ᠪᠠᠶᠢᠴᠠᠭᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ ᠢ ᠨᠠᠷᠢᠨ ᠨᠢᠮᠪᠠᠶ ᠬᠢᠨᠠᠨ ᠪᠠᠶᠢᠴᠠᠭᠠᠵᠤ᠂ ᠲᠡᠭᠦᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠦᠨ᠎ᠡ ᠬᠠᠩᠰᠢ ᠶᠢ ᠢᠯᠡ ᠬᠠᠳᠠᠬᠤ᠂ ᠡᠵᠡᠩᠨᠡᠯᠲᠡ ᠬᠢᠬᠦ ᠶᠢ ᠪᠡᠶᠡᠯᠡᠭᠦᠯᠦᠭᠰᠡᠨ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠶᠢᠲᠡᠯᠡᠭᠰᠡᠨ ᠤᠬᠠᠭᠤᠯᠭ᠎ᠠ ᠶᠢᠨ ᠵᠠᠷ ᠮᠡᠳᠡᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠢᠯᠡ ᠨᠡᠶᠢᠲᠡᠯᠡᠬᠦ ᠪᠤᠶᠤ ᠳᠠᠯᠳᠠᠭᠤᠷ ᠢᠯᠡᠳᠬᠡᠵᠦ ᠪᠠᠲᠤᠯᠠᠬᠤ ᠴᠢᠨᠠᠷᠲᠠᠶ ᠠᠮᠠᠯᠠᠯᠲᠠ ᠬᠢᠬᠦ ᠵᠢᠴᠢ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠶᠡᠬᠡᠰᠬᠡᠬᠦ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠵᠡᠯᠲᠡ ᠶᠢ ᠪᠤᠷᠤᠭᠤ ᠵᠢᠯᠤᠭᠤᠳᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠬᠠᠮᠢᠶ᠎ᠠ ᠪᠥᠬᠦᠶ ᠭᠤᠤᠯ ᠴᠣᠭᠴᠠ ᠶᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠲᠡᠭᠦᠨ ᠢ ᠰᠢᠪᠠᠳᠠᠨ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠭᠤᠤᠯ ᠴᠣᠭᠴᠠ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠶᠢᠨ ᠬᠤᠭᠤᠴᠠᠭ᠎ᠠ ᠵᠡᠷᠭᠡ ᠴᠢᠬᠤᠯᠠ ᠴᠠᠭ ᠬᠤᠭᠤᠴᠠᠭ᠎ᠠ ᠶᠢ ᠠᠳᠬᠤᠵᠤ᠂ ᠵᠢᠭᠰᠠᠭᠠᠨ ᠪᠠᠶᠢᠴᠠᠭᠠᠬᠤ ᠪᠠ ᠲᠤᠰᠬᠠᠶ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ᠂ ᠵᠠᠷ ᠮᠡᠳᠡᠭᠡ᠂ ᠭᠠᠭᠴᠠᠭᠠᠷ ᠡᠵᠡᠮᠰᠢᠯ ᠢ ᠡᠰᠡᠷᠭᠦᠴᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠪᠣᠯᠪᠠᠰᠤᠷᠠᠯ ᠤᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号