ᠪᠤᠭᠤᠲᠤ ᠬᠤᠲᠠ ᠶᠢᠨ ᠨᠣᠮ ᠤᠨ ᠰᠠᠩ ᠴᠢᠩᠱᠠᠨ ᠲᠣᠭᠤᠷᠢᠭ ᠤᠨ ᠨᠣᠮ ᠤᠨ ᠰᠠᠩ ᠳᠤ ᠬᠦᠷᠴᠦ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2025/5/21
      ︽ᠪᠢᠴᠢᠭ ᠤᠨ ᠰᠤᠷᠪᠤᠯᠵᠢᠲᠤ ᠤᠮᠠᠷᠠᠲᠤ ᠬᠢᠯᠢ︾᠎ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 20᠎ ᠤ ᠡᠳᠦᠷ᠂ ᠪᠤᠭᠤᠲᠤ ᠬᠤᠲᠠ ᠶᠢᠨ ᠨᠣᠮ ᠤᠨ ᠰᠠᠩ ᠤᠨ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯᠲᠡᠨ ᠤ ᠪᠦᠯᠬᠦᠮ ᠴᠢᠩᠱᠠᠨ ᠲᠣᠭᠤᠷᠢᠭ ᠤᠨ ᠨᠣᠮ ᠤᠨ ᠰᠠᠩ ᠳᠤ ᠬᠦᠷᠴᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠵᠢᠯᠣᠭᠤᠳᠣᠯᠭ᠎ᠠ ᠥᠷᠨᠢᠭᠦᠯᠪᠡ᠃      ᠲᠤᠬᠠᠶ ᠶᠢᠨ ᠡᠳᠦᠷ᠂ ᠪᠤᠭᠤᠲᠤ ᠬᠤᠲᠠ ᠶᠢᠨ ᠨᠣᠮ ᠤᠨ ᠰᠠᠩ᠂ ᠴᠢᠩᠱᠠᠨ ᠲᠣᠭᠤᠷᠢᠭ ᠤᠨ ᠨᠣᠮ ᠤᠨ ᠰᠠᠩ ᠤᠨ ᠠᠵᠢᠯᠲᠠᠨ ᠪᠣᠯᠤᠨ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯᠲᠡᠨ ᠵᠤᠯ ᠵᠢᠷᠭᠠᠯ ᠵᠠᠮ ᠤᠨ ᠵᠡᠭᠡᠯᠢ ᠭᠤᠳᠤᠮᠵᠢ ᠶᠢᠨ ᠴᠡᠴᠡᠭᠯᠡᠯ ᠨᠡᠶᠢᠭᠡᠮ ᠲᠣᠭᠤᠷᠢᠭ ᠤᠨ ᠴᠡᠷᠢᠭ ᠤᠨ ᠶᠠᠪᠤᠳᠠᠯ ᠤᠨ ᠨᠣᠮ ᠪᠢᠴᠢᠭ ᠤᠨ ᠬᠤᠪᠢᠶᠠᠷᠢ ᠣᠷᠳᠣᠨ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠠᠳᠠ ᠨᠡᠶᠢᠭᠡᠮ ᠲᠣᠭᠤᠷᠢᠭ ᠤᠨ ᠨᠣᠮ ᠪᠢᠴᠢᠭ ᠤᠨ ᠬᠤᠪᠢᠶᠠᠷᠢ ᠣᠷᠳᠣᠨ ᠳᠤ ᠭᠦᠨᠵᠡᠭᠡᠶᠢᠷᠡᠵᠦ᠂ ᠲᠤᠰᠬᠠᠶ ᠮᠡᠷᠭᠡᠵᠢᠯᠲᠡᠨ ᠨᠣᠮ ᠪᠢᠴᠢᠭ ᠢ ᠲᠥᠷᠥᠯ ᠬᠤᠪᠢᠶᠠᠨ ᠡᠮᠬᠢ ᠵᠠᠮᠪᠠᠷᠠᠭ᠎ᠠ ᠥᠬᠡᠶ᠂ ᠵᠢᠭᠡᠯᠡᠨ ᠤᠩᠰᠢᠬᠤ ᠶᠠᠪᠤᠴᠠ ᠪᠤᠳᠤᠯᠢᠶᠠᠨᠲᠠᠶ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠵᠢᠭᠡᠯᠡᠨ ᠤᠩᠰᠢᠬᠤ ᠶᠠᠪᠤᠴᠠ ᠶᠢ ᠵᠢᠯᠣᠭᠤᠳᠤᠨ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠷᠳᠣᠨ ᠲᠠᠯᠠᠪᠠᠶ ᠶᠢᠨ ᠬᠠᠳᠠᠭᠠᠯᠠᠵᠤ ᠪᠠᠶᠢᠭ᠎ᠠ ᠡᠬᠢ ᠪᠠᠶᠠᠯᠢᠭ᠂ ᠣᠷᠳᠣᠨ ᠳᠣᠲᠣᠷᠠᠬᠢ ᠣᠷᠴᠢᠨ ᠲᠣᠭᠤᠷᠢᠨ ᠪᠠ ᠠᠭᠤᠷ ᠠᠮᠢᠰᠬᠤᠯ ᠵᠡᠷᠭᠡ ᠲᠠᠯ᠎ᠠ ᠪᠠᠷ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃      ᠦᠨᠳᠦᠰᠦᠨ ᠱᠠᠲᠤᠨ ᠤ ᠡᠯᠧᠺᠲᠷᠣᠨ ᠡᠬᠢ ᠪᠠᠶᠠᠯᠢᠭ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠪᠤᠭᠤᠲᠤ ᠬᠤᠲᠠ ᠶᠢᠨ ᠨᠣᠮ ᠤᠨ ᠰᠠᠩ ︽ᠲᠣᠭᠠᠴᠢᠯᠠᠭᠰᠠᠨ ᠡᠬᠢ ᠪᠠᠶᠠᠯᠢᠭ ᠢ ᠦᠨᠳᠦᠰᠦᠨ ᠱᠠᠲᠤᠨ ᠳᠤ ᠣᠷᠣᠭᠤᠯᠬᠤ︾ ᠠᠵᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠡᠯ᠎ᠡ ᠦᠨᠳᠦᠰᠦᠨ ᠱᠠᠲᠤᠨ ᠤ ᠴᠡᠭ ᠲᠤ ︽ᠪᠢᠴᠢᠭ ᠤᠨ ᠰᠤᠷᠪᠤᠯᠵᠢᠲᠤ ᠤᠮᠠᠷᠠᠲᠤ ᠬᠢᠯᠢ    ᠺᠣᠳ᠋ ᠳᠡᠭᠡᠷ᠎ᠡ ᠪᠠᠶᠠᠰᠤᠯᠳᠤ ᠤᠩᠰᠢᠬᠤ︾ ᠭᠡᠬᠦ ᠵᠠᠷᠯᠠᠯ ᠲᠠᠷᠬᠠᠭᠠᠪᠠ᠃ ︽ᠺᠣᠳ᠋ ᠳᠡᠭᠡᠷ᠎ᠡ ᠪᠠᠶᠠᠰᠤᠯᠳᠤ ᠤᠩᠰᠢᠬᠤ︾ ᠲᠣᠭᠠᠴᠢᠯᠠᠭᠰᠠᠨ ᠨᠣᠮ ᠤᠨ ᠰᠠᠩ ᠤᠨ ᠦᠢᠯᠡᠴᠢᠯᠡᠭᠡᠨ ᠤ ᠲᠠᠪᠴᠠᠩ ᠨᠢ ᠡᠯᠪᠡᠭ ᠪᠠᠶᠠᠯᠢᠭ ᠡᠯᠧᠺᠲᠷᠣᠨ ᠨᠣᠮ᠂ ᠳᠠᠭᠤᠲᠤ ᠤᠩᠰᠢᠬᠤ ᠪᠢᠴᠢᠭ᠂ ᠸᠢᠳᠢᠣ᠋ ᠵᠡᠷᠭᠡ ᠡᠬᠢ ᠪᠠᠶᠠᠯᠢᠭ ᠢ ᠬᠠᠩᠭᠠᠵᠦ᠂ ᠰᠦᠯᠵᠢᠶᠡᠨ ᠳᠡᠭᠡᠷ᠎ᠡ ᠤᠩᠰᠢᠬᠤ ᠪᠠ ᠨᠣᠮ ᠤᠨ ᠵᠢᠶᠠᠰᠠ ᠨᠡᠮᠡᠬᠦ ᠶᠢ ᠳᠡᠮᠵᠢᠬᠦ ᠪᠠᠷ ᠪᠠᠷᠠᠬᠤ ᠦᠭᠡᠢ ᠪᠠᠰᠠ ᠤᠯᠠᠮᠵᠢᠯᠠᠯᠲᠤ ᠪᠠᠶᠠᠷ ᠤᠨ ᠡᠳᠦᠷ ᠵᠢᠴᠢ ᠴᠢᠬᠤᠯᠠ ᠳᠤᠷᠠᠰᠬᠠᠯ ᠤᠨ ᠡᠳᠦᠷ ᠲᠤ ᠰᠦᠯᠵᠢᠶᠡᠨ ᠳᠡᠭᠡᠷᠡᠬᠢ ᠮᠡᠳᠡᠯᠭᠡ ᠶᠢᠨ ᠥᠷᠢᠰᠥᠯᠳᠦᠭᠡᠨ ᠤ ᠠᠵᠢᠯᠯᠠᠭ᠎ᠠ ᠥᠷᠨᠢᠭᠦᠯᠬᠦ ᠪᠣᠯᠤᠨ᠎ᠠ︔ ︽ᠡᠯᠧᠺᠲᠷᠣᠨ ᠨᠣᠮ ᠤᠨ ᠬᠥᠮᠥᠷᠭᠡ︾᠎ ᠨᠢ ᠨᠣᠮ ᠪᠢᠴᠢᠭ᠂ ᠲᠠᠶᠢᠯᠤᠮᠵᠢ᠂ ᠰᠡᠳᠭᠦᠯ᠂ ᠵᠢᠷᠤᠭᠲᠤ ᠳᠡᠪᠲᠡᠷ᠂ ᠰᠣᠨᠣᠰᠬᠤ ᠨᠣᠮ ᠵᠡᠷᠭᠡ ᠣᠯᠠᠨ ᠬᠡᠰᠡᠭ ᠢ ᠬᠠᠮᠤᠷᠴᠤ᠂ 3.9 ᠲᠦᠮᠡᠨ ᠳᠡᠪᠲᠡᠷ ᠡᠯᠧᠺᠲᠷᠣᠨ ᠨᠣᠮ ᠪᠢᠴᠢᠭ᠂ 3600 ᠭᠠᠷᠤᠶ ᠵᠦᠢᠯ ᠤᠨ ᠬᠤᠭᠤᠴᠠᠭᠠᠲᠤ ᠰᠡᠳᠬᠦᠯ᠂ 1 ᠲᠦᠮᠡᠨ ᠲᠥᠪᠯᠡᠷᠡᠩᠭᠦᠶ ᠲᠠᠶᠢᠯᠤᠮᠵᠢ ᠵᠡᠷᠭᠡ ᠶᠡᠭᠡ ᠬᠡᠮᠵᠢᠶᠡᠨ ᠤ ᠡᠬᠢ ᠪᠠᠶᠠᠯᠢᠭ ᠲᠠᠢ ᠪᠠᠶᠢᠵᠤ᠂ ᠦᠨᠳᠦᠰᠦᠨ ᠱᠠᠲᠤᠨ ᠤ ᠤᠩᠰᠢᠭᠴᠢᠳ ᠤᠨ ᠺᠣᠳ᠋ ᠰᠢᠷᠪᠢᠪᠡᠯ ᠳᠠᠷᠤᠢ ᠰᠠᠭᠠᠳ ᠦᠭᠡᠢ ᠡᠳ᠋ᠯᠡᠵᠦ ᠪᠣᠯᠤᠨ᠎ᠠ᠃      ᠲᠤᠰ ᠤᠳᠠᠭᠠᠨ ᠤ ᠠᠵᠢᠯᠯᠠᠭ᠎ᠠ ᠨᠢ ᠴᠢᠩᠱᠠᠨ ᠲᠣᠭᠤᠷᠢᠭ ᠤᠨ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠪᠢᠴᠢᠭ ᠤᠨ ᠰᠤᠷᠪᠤᠯᠵᠢᠲᠤ ᠴᠢᠩᠱᠠᠨ ᠢ ᠪᠠᠶᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ ᠢᠷᠡᠭᠡᠳᠦᠢ ᠳᠤ᠂ ᠴᠢᠩᠱᠠᠨ ᠲᠣᠭᠤᠷᠢᠭ ᠤᠨ ᠨᠣᠮ ᠤᠨ ᠰᠠᠩ ᠪᠤᠭᠤᠲᠤ ᠬᠤᠳᠠ ᠶᠢᠨ ᠨᠣᠮ ᠤᠨ ᠰᠠᠩ ᠲᠠᠢ ᠦᠷᠭᠦᠯᠵᠢᠯᠡᠨ ᠭᠠᠷ ᠬᠤᠯᠪᠣᠯᠴᠠᠵᠤ᠂ ᠰᠣᠶᠣᠯ ᠢᠶᠠᠷ ᠦᠨᠳᠦᠰᠦᠨ ᠱᠠᠲᠤᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠨᠣᠮ ᠤᠨ ᠦᠨᠦᠷ ᠠᠮᠲᠠ ᠶᠢ ᠤᠮᠠᠷᠠᠲᠤ ᠬᠢᠯᠢ ᠶᠢᠨ ᠡᠬᠡ ᠭᠠᠵᠠᠷ ᠲᠤ ᠬᠦᠷᠭᠡᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号