ᠦᠨᠳᠦᠰᠦᠲᠡᠨ ᠤ ᠤᠬᠠᠮᠰᠠᠷ ᠢ ᠬᠠᠮᠲᠤ ᠪᠠᠷ ᠴᠣᠭᠴᠠᠯᠠᠵᠤ      ᠪᠦᠯᠬᠦᠮᠳᠡᠯ ᠤᠨ ᠰᠠᠭᠤᠷᠢ ᠶᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2025/5/22
      ᠸᠠᠨ ᠵᠢᠶᠦ᠋ᠨ ᠨᠡᠶᠢᠭᠡᠮ ᠲᠣᠭᠤᠷᠢᠭ ᠨᠢ ᠤᠯᠤᠰ ᠤᠨ ᠲᠠᠰ ᠤᠨ ᠦᠨᠳᠦᠰᠦᠲᠡᠨ ᠤ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠠᠶᠠᠯᠢᠭ ᠰᠠᠶᠢᠬᠠᠨ ᠦᠨᠳᠦᠰᠦᠲᠡᠨ ᠤ ᠪᠦᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃ 5 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ 2025 ᠣᠨ ᠤ ᠳᠥᠷᠪᠡᠳᠦᠭᠡᠷ ᠬᠤᠭᠤᠴᠠᠭᠠᠨ ᠤ ︽ᠪᠤᠭᠤᠲᠦ ᠬᠤᠰᠢᠭᠤᠴᠢ︾᠎  ᠶᠠᠷᠢᠶᠠᠨ ᠤ ᠲᠠᠩᠬᠢᠮ ᠤᠨ ᠠᠵᠢᠯᠯᠠᠭ᠎ᠠ ᠶᠢᠨ ᠬᠤᠪᠢᠶᠠᠷᠢ ᠬᠤᠷᠠᠯ ᠤᠨ ᠲᠠᠯᠠᠪᠠᠶ ᠸᠠᠨ ᠵᠢᠶᠦ᠋ᠨ ᠨᠡᠶᠢᠭᠡᠮ ᠲᠣᠭᠤᠷᠢᠭ ᠲᠤ ᠬᠥᠰᠢᠭᠡ ᠪᠠᠨ ᠨᠡᠭᠡᠭᠡᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠨᠢᠭᠡᠳᠦᠮᠡᠯ ᠹᠷᠣᠨᠲ ᠤᠨ ᠣᠨᠣᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠪᠠᠶ ᠬᠠᠶ ᠶᠠᠨ ᠭᠤᠤᠯᠯᠠᠨ ᠶᠠᠷᠢᠭᠴᠢ ᠶᠢᠨ ᠲᠤᠰᠢᠶᠠᠯ ᠢ ᠡᠭᠦᠷᠭᠡᠯᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠦᠨᠵᠡᠭᠡᠶ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ︾᠎ ᠶᠢᠨ ᠲᠣᠭᠤᠷᠢᠨ ᠳᠤ ᠬᠢᠴᠢᠶᠡᠯ ᠣᠷᠣᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠠᠵᠢᠯᠲᠠᠨ ᠵᠢᠴᠢ ᠬᠠᠷᠢᠶᠠᠲᠤ ᠣᠷᠣᠨ ᠤ ᠰᠠᠭᠤᠭᠠᠯᠢ ᠠᠷᠠᠳ ᠢᠳᠡᠪᠬᠢᠲᠡᠶ ᠪᠠᠷ ᠣᠷᠣᠯᠴᠠᠵᠠᠶ᠃      ᠡᠷᠬᠢᠯᠡᠭᠴᠢ ᠪᠠᠶ ᠬᠠᠶ ᠶᠠᠨ ᠣᠯᠠᠨ ᠲᠠᠯᠠᠲᠤ ᠬᠠᠷᠠᠭᠠᠰᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠠᠭᠤᠯᠭ᠎ᠠ ᠶᠢ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠵᠤ᠂ ︽ᠳᠥᠷᠪᠡᠨ ᠬᠠᠮᠲᠤ︾᠎ ᠪᠠᠷ ᠭᠤᠤᠯ ᠪᠣᠯᠭᠠᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠲᠣᠳᠣᠷᠬᠠᠶ ᠲᠠᠶᠢᠯᠪᠤᠷᠢᠯᠠᠵᠤ᠂ ᠦᠨᠳᠦᠰᠦᠲᠡᠨ ᠤ ᠠᠭᠤᠰᠤᠯᠴᠠᠯ ᠤᠨ ᠵᠠᠶᠢᠯᠠᠰᠢ ᠦᠭᠡᠢ ᠴᠢᠨᠠᠷ ᠢ ᠢᠯᠡᠷᠡᠭᠦᠯᠪᠡ︔ ︽ᠠᠨᠠᠷ ᠤᠨ ᠦᠷ᠎ᠡ︾᠎ ᠪᠠᠷ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠠᠮᠢᠳᠤᠯᠢᠭ ᠵᠦᠢᠷᠯᠡᠬᠦ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠵᠢᠷᠭᠠᠯ ᠵᠣᠪᠠᠯᠠᠩ ᠢᠶᠠᠨ ᠬᠠᠮᠲᠤᠳᠬᠠᠬᠤ ᠬᠤᠪᠢ ᠵᠠᠶᠠᠭᠠᠨ ᠤ ᠬᠤᠯᠪᠣᠭ᠎ᠠ ᠶᠢ ᠴᠢᠬᠤᠯᠠᠴᠢᠯᠠᠵᠤ᠂ ᠣᠶᠢᠯᠠᠭᠠᠭᠳᠠᠬᠤᠨ ᠢᠶᠠᠷ ᠦᠨᠳᠦᠰᠦᠲᠡᠨ ᠤ ᠮᠡᠳᠡᠷᠡᠮᠵᠢ ᠪᠣᠯᠤᠨ ᠨᠢᠭᠲᠠᠷᠠᠯ ᠤᠨ ᠬᠦᠴᠦᠨ ᠢ ᠪᠤᠶᠢᠵᠢᠭᠤᠯᠤᠨ ᠴᠢᠩᠭᠠᠳᠬᠠᠬᠤ ᠶᠢ ᠰᠠᠨᠠᠭᠠᠴᠢᠯᠠᠪᠠ︔ ᠲᠡᠷᠡᠴᠢᠯᠡᠨ ᠦᠨᠳᠦᠰᠦᠲᠡᠨ ᠤ ᠠᠵᠢᠯ ᠤᠨ ᠠᠷᠭ᠎ᠠ ᠶᠢᠨ ᠣᠨᠣᠯ ᠳᠡᠭᠡᠷ᠎ᠡ᠂ ︽ᠲᠦᠷᠪᠡᠨ ᠬᠤᠣᠰ ᠬᠠᠷᠢᠴᠠᠭ᠎ᠠ︾᠎ ᠶᠢᠨ ᠬᠤᠪᠢᠰᠤᠩᠭᠤᠢ ᠡᠵᠡᠮᠳᠡᠯ ᠢ ᠴᠢᠬᠤᠯᠠᠴᠢᠯᠠᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠳᠤ ᠰᠢᠨᠵᠢᠯᠡᠬᠦ ᠤᠬᠠᠭᠠᠨᠴᠢ ᠦᠢᠯᠡᠳᠦᠯᠭᠡ ᠶᠢᠨ ᠵᠦᠭᠯᠡᠭᠦᠷ ᠬᠠᠩᠭᠠᠪᠠ᠃      ᠲᠠᠶᠢᠯᠤᠮᠵᠢ ᠶᠢᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠪᠦᠬᠦ ᠠᠩᠬᠠᠷᠤᠯ ᠢᠶᠠᠨ ᠨᠠᠷᠢᠨ ᠬᠢᠨᠠᠮᠠᠭᠠᠢ ᠲᠡᠮᠳᠡᠭᠯᠡᠵᠡᠢ᠃ ᠬᠢᠴᠢᠶᠡᠯᠯᠡᠬᠦ ᠭᠤᠭᠴᠣᠭᠠᠨ ᠤ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠤᠯᠠᠨ ᠢᠶᠠᠷ ᠢᠶᠠᠨ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ᠂ ᠰᠣᠶᠣᠯ ᠢ ᠠᠭᠤᠰᠤᠯᠴᠠᠭᠤᠯᠤᠨ ᠦᠢᠯᠡᠳᠦᠯᠭᠡᠵᠢᠭᠦᠯᠬᠦ ᠵᠡᠷᠭᠡ ᠠᠰᠠᠭᠤᠳᠠᠯ ᠤᠨ ᠲᠤᠬᠠᠢ ᠢᠳᠡᠪᠬᠢᠲᠡᠢ ᠪᠠᠷ ᠰᠤᠳᠤᠯᠤᠨ ᠶᠠᠷᠢᠯᠴᠠᠪᠠ᠃ ᠨᠡᠶᠢᠭᠡᠮ ᠲᠣᠭᠤᠷᠢᠭ ᠤᠨ ᠠᠵᠢᠯᠲᠠᠳ᠂ ᠲᠤᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠬᠥᠮᠦᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠠᠢ ᠭᠡᠵᠦ ᠢᠯᠡᠳᠬᠡᠵᠡᠭᠡᠪᠡ᠃      ᠢᠷᠡᠭᠡᠳᠦᠢ ᠳᠤ᠂ ᠸᠠᠨ ᠵᠢᠶᠦ᠋ᠨ ᠨᠡᠶᠢᠭᠡᠮ ᠲᠣᠭᠤᠷᠢᠭ ᠨᠢ ᠤᠯᠤᠰ ᠤᠨ ᠲᠡᠰ ᠤᠨ ᠦᠨᠳᠦᠰᠦᠲᠡᠨ ᠤ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠣᠯᠠᠨ ᠵᠦᠢᠯ ᠤᠨ ᠲᠠᠪᠴᠠᠩ ᠳᠤ ᠲᠦᠰᠢᠭᠯᠡᠨ᠂ ᠣᠯᠠᠨ ᠡᠰᠢᠲᠦ ᠰᠤᠷᠤᠯᠴᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠲᠣᠭᠤᠷᠢᠭ ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠦᠨᠳᠦᠰᠦᠲᠡᠨ ᠤ ᠪᠦᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠂ ᠵᠢᠱᠢᠶᠡᠯᠡᠪᠡᠯ ᠦᠨᠳᠦᠰᠦᠲᠡᠨ ᠤ ᠰᠣᠶᠣᠯ ᠤᠨ ᠲᠠᠶᠢᠯᠤᠮᠵᠢ ᠡᠷᠬᠢᠯᠡᠵᠦ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠰᠠᠭᠤᠭᠠᠯᠢ ᠠᠷᠠᠳ ᠲᠤ ᠡᠯ᠎ᠡ ᠦᠨᠳᠦᠰᠦᠲᠡᠨ ᠤ ᠰᠣᠶᠣᠯ ᠤᠨ ᠵᠠᠩ ᠳᠠᠳᠬᠠᠯ ᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠡᠯ᠎ᠡ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠪᠠᠷ ᠪᠠᠶᠢᠨ᠎ᠠ︔ ᠦᠨᠳᠦᠰᠦᠲᠡᠨ ᠤ ᠰᠣᠶᠣᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠰᠠᠭᠤᠭᠠᠯᠢ ᠠᠷᠠᠳ ᠲᠤ ᠡᠯ᠎ᠡ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠨ᠎ᠡ︔ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠤᠷᠤᠯᠳᠤᠭᠠᠨ ᠢ ᠥᠷᠨᠢᠭᠦᠯᠵᠦ᠂ ᠰᠠᠭᠤᠭᠠᠯᠢ ᠠᠷᠠᠳ ᠤᠨ ᠦᠨᠳᠦᠰᠦᠲᠡᠨ ᠤ ᠮᠡᠳᠡᠯᠭᠡ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ︔ ᠰᠦᠯᠵᠢᠶᠡᠨ ᠤ ᠠᠵᠢᠯᠲᠠᠨ ᠢᠳᠡᠪᠬᠢᠲᠡᠶ ᠪᠠᠷ ᠡᠷᠦᠬᠡ ᠳᠤ ᠬᠦᠷᠴᠦ ᠤᠬᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠤᠨ ᠣᠨᠣᠯᠵᠢᠬᠤᠨ ᠢ ᠡᠷᠦᠬᠡ ᠪᠣᠯᠭᠠᠨ ᠳᠤ ᠭᠡᠷ ᠪᠦᠯᠢ ᠨᠢᠭᠡᠪᠦᠷᠢ ᠳᠤ ᠳᠠᠮᠵᠢᠭᠤᠯᠵᠤ᠂ ᠤᠬᠠᠭᠤᠯᠭ᠎ᠠ ᠬᠥᠮᠦᠵᠢᠯ ᠤᠨ ︽ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠣᠯᠠᠨ ᠲᠠᠯ᠎ᠠ ᠠᠴᠠ ᠲᠦᠯᠬᠢᠨ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号