ᠴᠢᠩᠱᠠᠨ ᠲᠣᠭᠤᠷᠢᠭ ᠨᠢ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠳᠤ ᠳᠠᠬᠢᠨᠲᠠ ᠰᠢᠯᠢᠳᠡᠭ ᠠᠮᠵᠢᠯᠲᠠ ᠣᠯᠵᠠᠶ
ᠨᠡᠶᠢᠲᠡᠯᠡᠭᠰᠡᠨ ᠴᠠᠭ᠄
2025/5/22
      ᠴᠢᠩᠱᠠᠨ ᠲᠣᠭᠤᠷᠢᠭ 21 ᠨᠡᠷ᠎ᠡ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠰᠣᠩᠭᠤᠨ ᠲᠣᠮᠢᠯᠠᠵᠤ ᠦᠵᠡᠰᠬᠦᠯᠡᠩ ᠳᠤ ᠣᠷᠣᠯᠴᠠᠭᠤᠯᠵᠤ᠂ ᠬᠤᠪᠢ ᠬᠥᠮᠦᠨ ᠤ ᠪᠦᠷᠢᠨ ᠴᠢᠳᠠᠪᠤᠷᠢ ᠶᠢᠨ ᠨᠢᠭᠡᠳᠦᠭᠡᠷ ᠳᠡᠰ ᠤᠨ ᠱᠠᠩᠨᠠᠯ 3᠂ ᠬᠤᠪᠢ ᠬᠥᠮᠦᠨ ᠤ ᠪᠦᠷᠢᠨ ᠴᠢᠳᠠᠪᠤᠷᠢ ᠶᠢᠨ ᠬᠤᠶᠠᠳᠤᠭᠠᠷ ᠳᠡᠰ ᠤᠨ ᠱᠠᠩᠨᠠᠯ 6᠂ ᠬᠤᠪᠢ ᠬᠥᠮᠦᠨ ᠤ ᠪᠦᠷᠢᠨ ᠴᠢᠳᠠᠪᠤᠷᠢ ᠶᠢᠨ ᠭᠤᠷᠪᠠᠳᠤᠭᠠᠷ ᠳᠡᠰ ᠤᠨ ᠱᠠᠩᠨᠠᠯ 7᠂ ᠲᠠᠩ ᠲᠦᠷᠦᠯ ᠤᠨ ᠨᠢᠭᠡᠳᠦᠭᠡᠷ ᠳᠡᠰ ᠤᠨ ᠱᠠᠩᠨᠠᠯ 7᠂ ᠲᠠᠩ ᠲᠦᠷᠦᠯ ᠤᠨ ᠭᠤᠷᠪᠠᠳᠤᠭᠠᠷ ᠳᠡᠰ ᠤᠨ ᠱᠠᠩᠨᠠᠯ 8᠂ ᠨᠢᠭᠡᠴᠢ ᠶᠢᠨ ᠶᠡᠷᠦᠩᠬᠡᠢ ᠬᠤᠪᠢ ᠶᠢᠨ ᠨᠢᠭᠡᠳᠦᠭᠡᠷ ᠳᠡᠰ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠲᠡᠪᠡ᠃ ᠲᠤᠰ ᠤᠳᠠᠭᠠᠨ ᠤ ᠤᠷᠤᠯᠳᠤᠭᠠᠨ ᠨᠢ ᠴᠢᠩᠱᠠᠨ ᠲᠣᠭᠤᠷᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠥᠨᠳᠥᠷ ᠲᠦᠪᠰᠢᠨ ᠪᠣᠯᠤᠨ ᠥᠪᠡᠷᠮᠢᠴᠡ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠴᠢᠩᠱᠠᠨ ᠲᠣᠭᠤᠷᠢᠭ ᠤᠨ ᠭᠤᠸ᠎ᠠ ᠰᠠᠶᠢᠬᠠᠨ ᠤ ᠬᠥᠮᠦᠵᠢᠯ ᠢ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠴᠢᠬᠤᠯᠠ ᠠᠴᠢᠶᠠᠯᠠᠪᠤᠷᠢ ᠪᠣᠯᠭᠠᠵᠤ᠂ ᠭᠤᠸ᠎ᠠ ᠰᠠᠶᠢᠬᠠᠨ ᠤ ᠬᠥᠮᠦᠵᠢᠯ ᠤᠨ ᠬᠥᠮᠦᠵᠢᠯ ᠤᠨ ᠣᠶᠢᠯᠠᠭᠠᠭᠳᠠᠬᠤᠨ ᠢ ᠭᠦᠨᠵᠡᠭᠡᠶᠢᠷᠡᠭᠦᠯᠬᠦ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠤᠭᠰᠠᠭᠠᠷ ᠢᠷᠡᠪᠡ᠃ ᠴᠢᠩᠱᠠᠨ ᠲᠣᠭᠤᠷᠢᠭ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠤᠨᠴᠠᠯᠢᠬᠳᠤ ᠭᠤᠸ᠎ᠠ ᠰᠠᠶᠢᠬᠠᠨ ᠤ ᠬᠥᠮᠦᠵᠢᠯ ᠤᠨ ᠲᠦᠷᠦᠯ ᠲᠡᠮᠳᠡᠭ ᠢ ᠡᠭᠦᠳᠴᠦ᠂ ︽ᠦᠨᠡᠨ ᠪᠣᠳᠠᠲᠠᠶ᠂ ᠰᠠᠶᠢᠨ ᠰᠠᠶᠢᠬᠠᠨ᠂ ᠭᠤᠸ᠎ᠠ ᠰᠠᠶᠢᠬᠠᠨ ᠢ ᠬᠥᠭᠡᠭᠡᠴᠡᠯᠳᠦᠬᠦ︾ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号