ᠦᠨᠳᠦᠰᠦᠲᠡᠨ ᠤ ᠡᠶ᠎ᠡ ᠵᠤᠬᠢᠴᠠᠯ ᠢ ᠬᠠᠮᠲᠤᠪᠠᠷ ᠴᠤᠭᠴᠠᠯᠠᠵᠤ    ᠪᠣᠬᠢᠷᠲᠤᠯ ᠥᠬᠡᠢ ᠭᠡᠷ ᠣᠷᠣᠨ ᠢ ᠬᠠᠮᠲᠤᠪᠠᠷ ᠰᠠᠬᠢᠶ᠎ᠠ
ᠨᠡᠶᠢᠲᠡᠯᠡᠭᠰᠡᠨ ᠴᠠᠭ᠄
2025/5/23
      ᠲᠠᠪᠤᠳᠤᠭᠠᠷ ᠰᠠᠷ᠎ᠠ ᠪᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠮᠥᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠪᠠ ᠦᠨᠳᠦᠰᠦᠲᠡᠨ ᠤ ᠠᠵᠢᠯ ᠢ ᠭᠦᠨᠵᠡᠭᠡᠶ ᠠᠭᠤᠰᠤᠯᠴᠠᠭᠤᠯᠵᠤ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠳᠦᠯᠭᠡ ᠶᠢ ᠡᠬᠢᠯᠡᠭᠦᠯᠪᠡ᠃      ᠨᠡᠶᠢᠭᠡᠮ ᠲᠣᠭᠤᠷᠢᠭ ᠤᠨ ᠠᠵᠢᠯᠲᠠᠳ ᠨᠠᠷᠢᠨ ᠨᠢᠮᠪᠠᠶ ᠪᠡᠯᠡᠳᠬᠡᠵᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠵᠢᠷᠤᠭ ᠪᠢᠴᠢᠭ ᠢ ᠬᠤᠣᠰᠯᠠᠭᠤᠯᠤᠭᠰᠠᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠠᠮᠢᠳᠤᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠪᠣᠯᠤᠨ ᠪᠣᠳᠠᠲᠠᠶ ᠠᠷᠭ᠎ᠠ ᠶᠢ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠰᠠᠷ ᠤᠨ ᠡᠮᠦᠨ᠎ᠡ ᠴᠥᠮ ᠰᠢᠨ᠎ᠡ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠶᠢ ᠲᠡᠷᠢ ᠲᠡᠭᠰᠢ ᠲᠠᠯᠪᠢᠵᠤ᠂ ᠲᠣᠰ ᠲᠣᠰ ︽ᠬᠤᠷᠢᠶᠠᠨ ᠠᠪᠴᠤ ᠪᠣᠯᠬᠤ ᠪᠣᠳᠠᠰ︾᠂ ︽ᠬᠤᠤᠷᠲᠠᠶ ᠬᠤᠭ ᠨᠣᠪᠰᠢ︾᠂ ︽ᠲᠣᠭᠤᠭᠠᠨ ᠬᠡᠷ ᠤᠨ ᠬᠤᠭ ᠨᠣᠪᠰᠢ︾᠂ ︽ᠪᠤᠰᠤᠳ ᠬᠤᠭ ᠨᠣᠪᠰᠢ︾᠎ ᠶᠢᠨ ᠢᠯᠡ ᠲᠣᠳᠣ ᠲᠡᠮᠳᠡᠭ ᠲᠠᠢ ᠪᠠᠶᠢᠳᠠᠭ᠃ ᠬᠤᠭ ᠨᠣᠪᠰᠢ ᠶᠢᠨ ᠰᠠᠪᠠ ᠶᠢᠨ ᠬᠠᠵᠠᠭᠤ ᠳᠤ ᠪᠠᠰᠠ ᠨᠠᠷᠢᠨ ᠲᠣᠳᠣᠷᠬᠠᠶ ᠲᠥᠷᠥᠯ ᠬᠤᠪᠢᠶᠠᠬᠤ ᠵᠦᠭᠯᠡᠭᠦᠷ ᠨᠠᠭᠠᠵᠤ᠂ ᠰᠠᠭᠤᠭᠠᠯᠢ ᠠᠷᠠᠳ ᠤᠨ ᠴᠠᠭ ᠲᠤᠬᠠᠶ ᠳᠤᠨᠢ ᠪᠠᠶᠢᠴᠠᠭᠠᠨ ᠦᠵᠡᠬᠦ ᠳᠤ ᠲᠥᠬᠦᠮ ᠦᠵᠡᠭᠦᠯᠦᠭᠰᠡᠨ ᠪᠠᠶᠢᠨ᠎ᠠ᠃ ᠡᠭᠦᠨ ᠤ ᠬᠠᠮᠲᠤ ᠦᠨᠳᠦᠰᠦᠲᠡᠨ ᠤ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠪᠠᠶᠢᠬᠤ ᠣᠶᠢᠯᠠᠭᠠᠭᠳᠠᠬᠤᠨ ᠢ ᠤᠬᠠᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠬᠠᠷᠢᠭᠤᠴᠠᠯᠭ᠎ᠠ ᠶᠢ ᠴᠢᠬᠤᠯᠠᠴᠢᠯᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠠᠩ ᠠᠬᠢᠭᠤᠯᠵᠠᠶ᠃ ᠭᠡᠷᠡᠯ ᠭᠡᠭᠡ ᠨᠡᠶᠢᠭᠡᠮ ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠤᠭ ᠨᠣᠪᠰᠢ ᠶᠢ ᠲᠥᠷᠥᠯ ᠬᠤᠪᠢᠶᠠᠬᠤ ᠦᠢᠯᠡᠳᠦᠯᠭᠡ ᠶᠢᠨ ᠳᠤᠮᠳᠠ ᠭᠤᠶᠢᠳᠠ ᠰᠠᠶᠢᠬᠠᠨ ᠳᠡᠯᠭᠡᠷᠡᠭᠦᠯᠵᠦ᠂ ᠡᠶ᠎ᠡ ᠵᠣᠬᠢᠴᠠᠩᠭᠤᠶ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠵᠢᠷᠤᠭ ᠢ ᠬᠠᠮᠲᠤᠪᠠᠷ ᠵᠢᠷᠤᠭᠯᠠᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号